ᠠᠷᠠᠯᠵᠢᠶᠠᠴᠢᠨ ᠤᠷᠢᠬᠤ ᠠᠵᠢᠯ ᠤᠨ ᠲᠤᠭ᠎ᠠ ᠪᠠᠷᠢᠮᠳᠠ  — 3
ᠨᠡᠶᠢᠲᠡᠯᠡᠭᠰᠡᠨ ᠴᠠᠭ᠄
2024/10/29
  ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠠᠷᠪᠢᠯᠠᠬᠤ᠂ ᠴᠠᠭ ᠢ ᠭᠠᠮᠨᠠᠬᠤ᠂ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠪᠠᠷᠢᠮᠳᠠᠯᠠᠵᠤ᠂ ᠲᠠᠶᠢᠹᠤᠰᠧ ᠬᠤᠰᠢᠭᠤᠨ ᠤ ᠬᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠪᠠᠶᠢᠭᠤᠯᠤᠯᠲᠠ ᠪᠠᠷ ᠭᠠᠷᠳᠠᠴᠠ ᠪᠤᠯᠭᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 18 ᠭᠤᠣᠯᠳᠠᠯᠭ᠎ᠠ ᠲᠠᠢ ᠰᠠᠯᠠᠭ᠎ᠠ ᠮᠥᠴᠢᠷ ᠨᠢ 745 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤᠪᠴᠢ ᠪᠠᠷ ᠭᠦᠢᠴᠡᠳᠬᠡᠬᠦ︾ ᠪᠤᠯᠵᠠᠢ᠃ 2023 ᠣᠨ ᠠᠴᠠ ᠨᠠᠰᠢ᠂ ︽ᠣᠷᠣᠯᠠᠨ ᠬᠦᠢᠴᠡᠳᠭᠡᠬᠦ ᠬᠠᠪᠰᠤᠷᠤᠨ ᠭᠦᠢᠴᠡᠳᠭᠡᠬᠦ︾ ᠦᠢᠯᠡᠴᠢᠯᠡᠭᠡ ᠪᠠᠷ ᠲᠠᠮᠵᠢᠭᠠᠳ 87 ᠲᠥᠷᠥᠯ ᠵᠦᠢᠯ ᠤᠨ ᠭᠠᠷ ᠭᠦᠢᠴᠡᠳᠭᠡᠯ ᠢ   ᠬᠢᠭᠰᠡᠨ ᠪᠠᠶᠢᠨ᠎ᠠ᠃  ᠪᠤᠤᠴᠠᠩ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠶᠢ ᠦᠷᠭᠦᠯᠵᠢᠯᠡᠨ ᠰᠢᠯᠢᠳᠡᠭᠵᠢᠬᠦᠯᠵᠦ᠂ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ  ᠠᠵᠤ ᠦᠢᠯᠡᠰ ᠤᠨ ᠬᠦᠷᠢᠶᠡᠯᠡᠩ ᠤᠨ ᠭᠤᠣᠯ ᠲᠣᠭᠤᠷᠢᠭ ᠲᠠᠬᠢ ᠨᠣᠭᠤᠭᠠᠷᠠᠭᠤᠯᠤᠯᠲᠠ ᠭᠤᠶᠤᠵᠢᠭᠤᠯᠤᠯᠳᠠ ᠪᠠ ᠭᠡᠷᠡᠯᠳᠦᠬᠦᠯᠭᠡ ᠶᠢ ᠢᠵᠢ ᠪᠦᠷᠢᠳᠦᠬᠦᠯᠦᠨ ᠪᠡᠶᠡᠯᠡᠭᠦᠯᠵᠦ᠂  ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠢᠵᠢ ᠪᠦᠷᠢᠳᠦᠭᠰᠡᠨ ᠪᠠᠲᠤᠯᠠᠭ᠎ᠠ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠭᠠᠳ᠂ ᠤᠰᠤ ᠴᠠᠬᠢᠯᠭᠠᠨ ᠲᠤᠯᠠᠭᠠᠯᠠᠭ᠎ᠠ ᠵᠡᠷᠭᠡ ᠰᠠᠭᠤᠷᠢ ᠲᠥᠬᠦᠭᠡᠷᠦᠮᠵᠢ ᠪᠠ ᠲᠤᠳᠠᠭᠤᠳᠠᠯ ᠢᠶᠠᠨ ᠨᠥᠬᠦᠪᠥᠷᠢᠯᠡᠬᠦ ᠲᠥᠷᠥᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ᠂  ᠲᠠᠭᠠᠭᠠᠴᠠ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠬᠦᠯᠪᠡ᠃ ᠣᠲᠣ ᠪᠣᠯᠲᠠᠯ᠎ᠠ᠂ ᠠᠵᠤ ᠦᠢᠯᠡᠰ ᠤᠨ ᠬᠦᠷᠢᠶᠡᠯᠡᠩ ᠳᠤ 68 ᠠᠵᠤ ᠠᠬᠤᠶᠢᠯᠠᠯ  ᠨᠤᠳᠤᠭᠰᠢᠵᠤ  ᠂ ᠠᠵᠤ ᠦᠢᠯᠡᠰ ᠤᠨ ᠲᠥᠷᠥᠯ ᠢᠯᠭᠠᠯ 10 ᠪᠣᠯᠵᠣ ᠨᠡᠮᠡᠭᠳᠡᠭᠡᠳ᠂  ᠪᠦᠳᠦᠭᠡᠭᠳᠡᠬᠦᠨ ᠨᠢ 100 ᠭᠠᠷᠤᠶ ᠵᠦᠢᠯ ᠪᠤᠯᠵᠠᠢ᠃ 2023 ᠣᠨ ᠳᠤ᠂ ᠬᠦᠷᠢᠶᠡᠯᠡᠩ ᠳᠤ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠨᠡᠶᠢᠳᠡ 29.9 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠵᠦ᠂  ᠡᠨᠡ   ᠨᠢ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠭᠰᠡᠨ ᠪᠦᠭᠡᠳ 4.47 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.0 % ᠪᠠᠷ ᠨᠡᠮᠡᠭᠳᠡᠭᠡᠳ᠂ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ 1.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.3% ᠪᠠᠷ ᠨᠡᠮᠡᠭᠳᠡᠭᠰᠡᠨ ᠪᠠᠶᠢᠨ᠎ᠠ᠃ 2023 ᠣᠨ ᠳᠤ ᠲᠠᠶᠢᠹᠤᠰᠧ ᠬᠤᠰᠢᠭᠤᠨ ᠤ ᠬᠤᠶᠠᠷ ᠶᠡᠭᠡ ᠲᠥᠷᠥᠯ ᠵᠦᠢᠯ — ᠸᠧᠢ ᠪᠧᠢ ᠳ᠋ᠧ ᠺᠤᠮᠫᠠᠨᠢ ᠶᠢᠨ ᠵᠢᠯ ᠳᠤ 390 ᠲᠦᠮᠡᠨ ᠭᠷᠠᠮ ᠬᠢᠮᠡᠯ ᠠᠯᠮᠠᠰ ᠦᠢᠯᠡᠳᠬᠦ ᠲᠦᠷᠦᠯ ᠵᠦᠢᠯ᠂ ᠵᠦᠩ ᠾᠧ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠵᠢᠯ ᠳᠤ 2.5 ᠲᠦᠮᠡᠨ ᠲᠣᠨ ᠪᠣᠬᠢᠷᠲᠤᠯ ᠦᠭᠡᠢ ᠮᠠᠲ᠋ᠧᠷᠢᠶᠠᠯ ᠦᠢᠯᠡᠳᠬᠦ ᠲᠦᠷᠦᠯ ᠵᠦᠢᠯ ᠨᠢ ᠲᠤᠰ ᠰᠠᠷ᠎ᠠ ᠳᠠᠭᠠᠨ ᠭᠡᠷ᠎ᠡ ᠲᠤᠭᠳᠠᠵᠤ ᠨᠤᠳᠤᠭᠰᠢᠬᠤ ᠪᠠ ᠭᠦᠢᠴᠡᠳᠬᠡᠯ ᠬᠢᠵᠦ ᠠᠵᠢᠯ ᠡᠬᠢᠯᠡᠬᠦ ᠶᠢ ᠪᠡᠶᠡᠯᠡᠬᠦᠯᠦᠭᠡᠳ᠂ ᠠᠶᠢᠮᠠᠭ ᠬᠤᠰᠢᠭᠤ ᠬᠤᠶᠠᠷ ᠱᠠᠲᠤᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ ᠤᠨ ᠰᠢᠨ᠎ᠡ ᠬᠤᠷᠳᠤᠴᠠ ᠶᠢ ᠡᠬᠦᠳᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号