9 ᠰᠠᠷ᠎ᠠ ᠪᠤᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠤᠯᠠᠮ ᠪᠠᠳᠤᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠪᠣᠯᠪᠠᠰᠤᠨ | ᠰᠠᠶᠢᠬᠠᠨ᠂ ᠡᠶ᠎ᠡ ᠵᠣᠬᠢᠴᠠᠯ ᠲᠠᠢ᠂ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ | ᠪᠣᠯᠭᠠᠬᠤ ᠶᠢᠨ ᠲᠥᠯᠥᠭᠡ᠂ 9 ᠰᠠᠷ᠎ᠠ ᠶᠢᠨ 30 ᠤ ᠡᠳᠦᠷ ᠬᠦᠨᠪᠤᠯᠠᠭ ᠰᠤᠮᠤ ᠨᠢ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ︽ᠪᠦᠯᠬᠦᠮᠳᠡᠯ ᠬᠤᠨᠳᠠᠭᠠᠲᠤ︾ ᠥᠳᠥᠨ ᠪᠥᠮᠪᠦᠭᠡ᠂ | ᠠᠯᠠᠭᠠᠳᠠᠬᠤ ᠪᠥᠮᠪᠦᠭᠡ ᠶᠢᠨ ᠤᠷᠤᠯᠳᠤᠭᠠᠨ ᠡᠷᠬᠢᠯᠡᠪᠡ᠃ ᠤᠷᠤᠯᠳᠤᠭᠠᠨ ᠬᠥᠷ ᠬᠥᠭᠵᠢᠶᠡᠨ ᠲᠠᠢ ᠶᠠᠪᠤᠭᠳᠠᠵᠤ᠂ | ᠬᠤᠶᠠᠷ ᠨᠢᠬᠡᠴᠡ ᠶᠢᠨ ᠺᠠᠳ᠋ᠷ ᠠᠵᠢᠯᠳᠠᠳ ᠤᠷᠤᠯᠳᠤᠭᠠᠨ ᠳᠤ ᠢᠳᠡᠪᠬᠢᠳᠡᠢ ᠤᠷᠤᠯᠴᠠᠭᠠᠳ᠂ ᠡᠷᠡᠯᠬᠡᠭᠯᠡᠨ ᠲᠡᠮᠡᠴᠡᠬᠦ᠂ | ᠪᠦᠯᠬᠦᠮᠳᠡᠨ ᠬᠠᠮᠵᠢᠯᠴᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠬᠦᠯᠦᠭᠰᠡᠨ ᠪᠠᠶᠢᠨ᠎ᠠ᠃ ᠡᠨᠡ | ᠤᠳᠠᠭᠠᠨ ᠤ ᠤᠷᠤᠯᠳᠤᠭᠠᠨ ᠪᠣᠯ ᠬᠤᠶᠠᠷ ᠨᠢᠬᠡᠴᠡ ᠶᠢᠨ ᠨᠥᠬᠦᠷᠰᠡᠭ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ | ᠨᠠᠩ ᠴᠤ ᠦᠨᠳᠦᠰᠦᠲᠡᠨ ᠤ ᠪᠦᠯᠬᠦᠮᠳᠡᠯ᠂ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠬᠤ ᠬᠤᠪᠣᠷ ᠨᠠᠨᠳᠢᠨ ᠠᠵᠠ | ᠲᠣᠬᠢᠶᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠭᠦᠨᠪᠤᠯᠠᠭ ᠰᠤᠮᠤ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠠᠲᠤ ᠡᠵᠡᠮᠳᠡᠨ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠪᠠᠷ ᠠᠵᠠ ᠲᠣᠬᠢᠶᠠᠯ ᠪᠣᠯᠭᠠᠵᠤ᠂ ᠪᠠᠶᠠᠷ ᠤᠨ ᠡᠳᠦᠷ ᠤᠨ | ᠬᠡᠷᠡᠭᠴᠡᠭᠡ ᠲᠠᠢ ᠤᠶᠠᠯᠳᠤᠭᠤᠯᠤᠨ᠂ ᠬᠦᠳᠡᠯᠪᠦᠷᠢ ᠠᠵᠢᠯᠯᠠᠭᠠᠨ ᠤ ᠬᠡᠯᠪᠡᠷᠢ ᠶᠢ ᠰᠢᠨᠡᠴᠢᠯᠡᠨ ᠠᠭᠤᠯᠭ᠎ᠠ ᠶᠢ | ᠪᠠᠶᠠᠯᠢᠬᠵᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠠᠨᠠᠷ ᠤᠨ ᠦᠷ᠎ᠡ ᠰᠢᠭ ᠨᠢᠬᠳᠠᠷᠠᠭᠤᠯᠤᠨ | ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠨᠢᠭᠡᠳᠴᠦ ᠬᠠᠮᠳᠤᠪᠠᠷ ᠤᠷᠤᠭᠰᠢᠯᠠᠬᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠪᠠᠷ ᠪᠠᠶᠢᠨ᠎ᠠ᠃ |