ᠯᠦᠸᠧ ᠲᠦᠸᠧ ᠱᠠᠨ ᠪᠠᠯᠭᠠᠰᠤ ᠡᠬᠡ ᠤᠷᠤᠨᠴᠢ ᠦᠵᠡᠯ ᠤᠨ ᠬᠥᠮᠦᠵᠢᠯ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/10/3
  ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂  ᠡᠬᠡ ᠤᠷᠤᠨᠴᠢ  ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 29 ᠤ ᠡᠳᠦᠷ ᠯᠦᠸᠧ ᠲᠦᠸᠧ ᠱᠠᠨ ᠪᠠᠯᠭᠠᠰᠤᠨ ᠤ ᠬᠢᠨ ᠡᠬᠡ ᠤᠷᠤᠨᠴᠢ ᠦᠵᠡᠯ ᠤᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠪᠦᠬᠦ ᠺᠠᠳ᠋ᠷ ᠠᠵᠢᠯᠳᠠᠨ  ᠠᠵᠢᠯᠯᠠᠭ᠎ᠠ ᠳᠤ ᠣᠷᠣᠯᠴᠠᠪᠠ᠃ ᠤᠯᠠᠨ ᠢᠶᠠᠷ ᠢᠶᠠᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠬᠦᠷᠴᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠤᠨ ᠢᠶᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠰᠠᠨᠠᠭᠠᠯᠵᠠᠨ᠂ ᠬᠤᠪᠢᠰᠬᠠᠯ ᠤᠨ ᠵᠣᠷᠢᠭ ᠰᠠᠨᠠᠭ᠎ᠠ ᠶᠢ ᠬᠦᠨᠳᠦᠳᠬᠡᠨ ᠪᠢᠰᠢᠷᠡᠵᠦ ᠪᠠᠶᠢᠭ᠎ᠠ ᠰᠡᠳᠬᠢᠯᠬᠡ ᠪᠠᠨ ᠢᠯᠡᠳᠭᠡᠭᠰᠡᠨ ᠪᠦᠭᠡᠳ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠦᠵᠡᠭᠦᠯᠭᠡ ᠶᠢᠨ ᠣᠷᠳᠣᠨ ᠳᠤ ᠤᠷᠤᠵᠤ ᠬᠤᠪᠢᠰᠬᠠᠯ ᠤᠨ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠵᠦ᠂ ᠬᠤᠪᠣᠷ ᠨᠠᠨᠳᠢᠨ ᠳᠤᠷᠠᠰᠬᠠᠯᠲᠤ ᠵᠦᠢᠯᠡᠰ ᠪᠠ ᠭᠡᠷᠡᠯ ᠵᠢᠷᠤᠭ ᠤᠳ ᠢᠶᠠᠷ ᠲᠠᠮᠵᠢᠨ᠂  ᠠᠬᠠᠮᠠᠳ ᠦᠶ᠎ᠡ ᠶᠢᠨ ᠬᠢᠨ ᠤ ᠦᠷᠡᠭᠳᠡᠯ ᠠᠴᠠ ᠠᠶᠤᠬᠤ ᠦᠭᠡᠢ ᠡᠷᠡᠯᠬᠡᠭᠯᠡᠨ ᠤᠷᠤᠭᠰᠢᠯᠠᠬᠤ ᠡᠬᠡ ᠤᠷᠤᠨᠴᠢ ᠵᠣᠷᠢᠭ ᠰᠠᠨᠠᠭ᠎ᠠ ᠶᠢ ᠭᠦᠨᠵᠡᠭᠡᠢ ᠤᠶᠢᠯᠠᠭᠠᠭᠰᠠᠨ ᠪᠠᠶᠢᠨ᠎ᠠ᠃  ᠲᠠᠷᠠᠭ᠎ᠠ ᠨᠢ᠂ ᠣᠯᠠᠨ ᠢᠶᠠᠷ ᠢᠶᠠᠨ ᠲᠠᠶᠢᠹᠤᠰᠧ ᠬᠤᠰᠢᠭᠤᠨ ᠤ ᠮᠦᠽᠧᠶ ᠳᠤ ᠬᠦᠷᠴᠦ᠂  ᠲᠠᠶᠢᠹᠤᠰᠧ ᠬᠤᠰᠢᠭᠤᠨ ᠤ ᠪᠠᠨ ᠰᠢᠨ᠎ᠡ ᠴᠢᠯᠠᠭᠤᠨ ᠵᠡᠪᠰᠡᠭ ᠤᠨ ᠦᠶ᠎ᠡ ᠠᠴᠠ ᠣᠲᠣ ᠪᠣᠯᠲᠠᠯᠠᠬᠢ  ᠲᠡᠦᠭᠡ ᠰᠣᠶᠣᠯ ᠤᠨ ᠥᠪ ᠢ ᠬᠠᠷᠠᠵᠤ ᠤᠶᠢᠯᠠᠭᠠᠪᠠ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠪᠠᠯᠭᠠᠰᠤᠨ ᠤ ᠺᠠᠳ᠋ᠷ ᠠᠵᠢᠯᠳᠠᠳ ᠤᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠ ᠡᠬᠡ ᠤᠷᠤᠨᠴᠢ ᠦᠵᠡᠯ ᠤᠨ ᠵᠤᠷᠢᠭ ᠰᠠᠨᠠᠭ᠎ᠠ ᠶᠢ ᠨᠠᠩ ᠬᠦᠨᠵᠡᠬᠡᠶᠢᠷᠡᠬᠦᠯᠵᠦ  ᠂ ᠲᠡᠮᠡᠴᠡᠯ ᠤᠨ ᠬᠠᠷᠠᠯᠲᠠ ᠪᠠᠨ ᠤᠯᠠᠮ ᠪᠠᠲᠤᠳᠬᠠᠨ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠯᠭᠡᠭᠯᠡᠨ ᠲᠡᠮᠡᠴᠡᠵᠦ᠂  ᠪᠦᠬᠦ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠢᠳᠡᠭᠡᠯ ᠵᠤᠷᠢᠭ ᠢ ᠬᠦᠪᠴᠢᠯᠡᠭᠰᠡᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号