ᠲᠠᠶᠢᠹᠤᠰᠧ ᠬᠤᠰᠢᠭᠤᠨ ᠤ ᠲᠦᠷᠦᠭᠦᠤ ᠭᠤᠷᠪᠠᠨ ᠤᠯᠠᠷᠢᠯ ᠤᠨ ᠠᠵᠤ ᠠᠬᠤᠢ ᠶᠢᠨ ᠲᠤᠭ᠎ᠠ ᠪᠠᠷᠢᠮᠲᠠ -3
ᠨᠡᠶᠢᠲᠡᠯᠡᠭᠰᠡᠨ ᠴᠠᠭ᠄
2024/10/30
   ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠶᠠᠪᠤᠭᠳᠠᠭᠰᠠᠨ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠵᠦ᠂ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 14.0% ᠢᠶᠠᠷ ᠨᠡᠮᠡᠭᠳᠡᠵᠦ᠂ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 14.6% ᠪᠠᠷ ᠪᠠᠭᠤᠷᠠᠵᠤ᠂ ᠬᠤᠪᠢᠴᠠᠭᠠᠨ ᠤ ᠳᠦᠷᠢᠮᠲᠦ ᠠᠵᠤ ᠠᠬᠤᠶᠢᠯᠠᠯ   ᠤᠨ  ᠦᠢᠯᠡᠳᠬᠦᠨ ᠤ ᠥᠷᠲᠡᠭ 2.0 % ᠪᠠᠷ ᠨᠡᠮᠡᠭᠳᠡᠨ᠂ ᠭᠠᠳᠠᠭᠠᠳᠤ ᠶᠢᠨ ᠠᠷᠠᠯᠵᠢᠶᠠᠴᠢᠨ ᠪᠠ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ  ᠤᠨ  ᠦᠢᠯᠡᠳᠬᠦᠨ ᠤ ᠥᠷᠲᠡᠭ 3.7% ᠪᠠᠷ ᠪᠠᠭᠤᠷᠠᠵᠤ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 9.2% ᠢᠶᠠᠷ ᠪᠠᠭᠤᠷᠠᠵᠠᠢ᠃ ᠦᠢᠯᠡᠳᠬᠦᠨ ᠢᠶᠠᠷ ᠬᠤᠪᠢᠶᠠᠵᠤ ᠦᠵᠡᠪᠡᠯ᠂ ᠮᠠᠯ ᠤᠨ ᠡᠮ ᠤᠨ ᠪᠦᠳᠦᠭᠡᠭᠳᠡᠬᠦᠨ ᠠᠳᠠᠯᠢ ᠬᠤᠭᠤᠴᠠᠭᠠᠨ ᠤ ᠬᠢ ᠠᠴᠠ 4.5% ᠪᠠᠷ ᠪᠠᠭᠤᠷᠠᠵᠤ᠂ ᠰᠦᠯᠢᠶᠣᠣ ᠪᠦᠲᠦᠭᠡᠭᠳᠡᠬᠦᠨ 9.1% ᠪᠠᠷ ᠪᠠᠭᠤᠷᠠᠵᠤ᠂ ᠪᠠᠯ ᠴᠢᠯᠠᠭᠤ  ᠪᠠ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 11.5% ᠪᠠᠷ ᠪᠠᠭᠤᠷᠠᠵᠤ᠂ ᠨᠠᠷᠢᠯᠢᠭ ᠬᠢᠴᠡ ᠲᠠᠢ ᠢᠳᠡᠰᠢᠨ ᠲᠣᠰᠣ 34.9% ᠪᠠᠷ ᠪᠠᠭᠤᠷᠠᠵᠤ᠂ ᠲᠡᠵᠢᠭᠡᠯ ᠪᠣᠷᠳᠤᠭ᠎ᠠ 55.0 % ᠪᠠᠷ ᠪᠠᠭᠤᠷᠠᠵᠤ᠂  ᠠᠷᠢᠬᠢ ᠤᠮᠳᠠᠭᠠᠨ 18.1% ᠪᠠᠷ ᠪᠠᠭᠤᠷᠠᠵᠤ᠂ ᠬᠠᠷ᠎ᠠ ᠲᠤᠭᠤᠯᠭ᠎ᠠ ᠲᠡᠮᠦᠷᠯᠢᠭ ᠤᠨ ᠠᠭᠤᠯᠤᠭᠳᠠᠴᠠ 87.8% ᠪᠠᠷ ᠨᠡᠮᠡᠭᠳᠡᠨ᠂ ᠴᠠᠶᠢᠷ ᠲᠡᠮᠦᠷᠯᠢᠭ ᠤᠨ ᠠᠭᠤᠯᠤᠭᠳᠠᠴᠠ 88.6% ᠪᠠᠷ ᠨᠡᠮᠡᠭᠳᠡᠵᠦ᠂  ᠴᠠᠬᠢᠯᠭᠠᠨ ᠳᠡᠭᠡᠰᠦ 100.0 % ᠪᠠᠷ ᠨᠡᠮᠡᠭᠳᠡᠪᠡ᠃ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠤᠨ ᠲᠠᠯ᠎ᠠ ᠠᠴᠠ ᠦᠵᠡᠪᠡᠯ᠂  ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 23.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠨ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 3.3 ᠳ᠋ᠦᠩᠰᠢᠭᠤᠷ ᠲᠥᠭᠦᠷᠢᠭ ᠲᠤ ᠬᠦᠷᠴᠦ᠂ 32.9% ᠪᠠᠷ ᠪᠠᠭᠤᠷᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号