10 ᠰᠠᠷ᠎ᠠ ᠶᠢᠨ 30 ᠤ ᠡᠳᠦᠷ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠪᠠᠶᠢᠴᠠᠭᠠᠨ | ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠥᠭᠵᠢᠯᠲᠡ ᠶᠢᠨ ᠪᠠᠶᠢᠳᠠᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠭᠡᠷᠡᠭᠴᠡᠭᠡᠨ ᠤ ᠮᠡᠳᠡᠭᠡ ᠵᠠᠩᠭᠢ ᠵᠡᠷᠭᠡ ᠬᠠᠮᠢᠶ᠎ᠠ ᠪᠥᠬᠦᠶ | ᠠᠭᠤᠯᠭ᠎ᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠵᠡᠢ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠢᠨ ᠶᠠᠷᠢᠯᠴᠠᠬᠤ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠬᠤᠰᠢᠭᠤᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠲᠠᠶᠢᠹᠤᠰᠧ ᠬᠤᠰᠢᠭᠤᠨ ᠤ ᠵᠠᠰᠠᠮᠠᠯ ᠵᠠᠮ ᠤᠨ ᠦᠨᠳᠦᠰᠦᠨ | ᠪᠠᠶᠢᠳᠠᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠦᠷ᠎ᠡ ᠪᠦᠲᠦᠮᠵᠢ | ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠂ | ᠣᠳᠣᠬᠠᠨ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠵᠡᠷᠭᠡ ᠶᠢᠨ ᠲᠣᠭᠤᠷᠢᠨ ᠳᠤ ᠨᠠᠷᠢᠨ ᠲᠣᠳᠣᠷᠬᠠᠶ ᠬᠠᠷᠢᠭᠤ | ᠮᠡᠳᠡᠭᠦᠯᠦᠯᠲᠡ ᠬᠢᠭᠰᠡᠨ ᠪᠠᠶᠢᠨ᠎ᠠ᠃ ᠬᠤᠷᠠᠯ ᠳᠤ ᠣᠷᠣᠯᠴᠠᠭᠰᠠᠳ ᠠᠴᠠ ᠣᠳᠣᠬᠠᠨ ᠤ ᠵᠠᠮ ᠲᠡᠭᠡᠭᠡᠪᠦᠷᠢ ᠶᠢᠨ | ᠬᠥᠭᠵᠢᠯᠲᠡ ᠶᠢᠨ ᠪᠠᠶᠢᠳᠠᠯ ᠪᠤᠯᠤᠨ ᠢᠷᠡᠭᠡᠳᠦᠶ ᠶᠢᠨ ᠬᠥᠭᠵᠢᠯᠲᠡ ᠶᠢᠨ ᠰᠡᠳᠬᠢᠴᠡ ᠲᠠᠢ ᠤᠶᠠᠯᠳᠤᠭᠤᠯᠵᠤ᠂ ᠵᠠᠰᠠᠮᠠᠯ | ᠵᠠᠮ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ | ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠨᠢᠭᠡᠴᠡ ᠶᠢᠨ ᠰᠠᠨᠠᠯ ᠰᠠᠨᠠᠭᠤᠯᠭ᠎ᠠ ᠶᠢ ᠨᠠᠷᠢᠨ | ᠬᠢᠨᠠᠮᠠᠭᠠᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ | ᠪᠣᠳᠠᠲᠠᠢ ᠰᠠᠨᠠᠯ ᠰᠠᠨᠠᠭᠤᠯᠭ᠎ᠠ ᠪᠠᠨ ᠳᠤᠷᠠᠳᠴᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ ︽ | ᠠᠷᠪᠠᠨ ᠲᠠᠪᠤᠳᠤᠭᠠᠷ ᠲᠠᠪᠤᠨ ᠵᠢᠯ︾ ᠤᠨ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ | ᠲᠣᠭᠤᠷᠢᠨ ᠳᠤ᠂ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠳᠠᠢ ᠬᠥᠳᠡᠭᠡ ᠶᠢᠨ ᠵᠠᠮ︾ ᠤᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠠᠵᠢᠯ ᠤᠨ ᠦᠷ᠎ᠡ ᠪᠦᠲᠦᠭᠡᠯ ᠢ ᠤᠯᠠᠮ ᠪᠠᠳᠤᠳᠬᠠᠨ | ᠬᠥᠳᠡᠭᠡ ᠲᠣᠰᠬᠤᠨ ᠤ ᠵᠠᠮ ᠨᠡᠪᠳᠡᠷᠡᠯᠭᠡ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ | ᠥᠬᠡᠶ ᠲᠡᠭᠡᠭᠰᠢᠯᠡᠬᠦᠯᠵᠦ᠂ ᠵᠠᠰᠠᠮᠠᠯ ᠵᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃ |