ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/10/31
  10 ᠰᠠᠷ᠎ᠠ ᠶᠢᠨ 30 ᠤ ᠡᠳᠦᠷ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠭᠡᠷᠡᠭᠴᠡᠭᠡᠨ ᠤ ᠮᠡᠳᠡᠭᠡ ᠵᠠᠩᠭᠢ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠵᠡᠢ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ   ᠤᠨ ᠬᠢᠨ ᠶᠠᠷᠢᠯᠴᠠᠬᠤ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂  ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠲᠠᠶᠢᠹᠤᠰᠧ ᠬᠤᠰᠢᠭᠤᠨ ᠤ ᠵᠠᠰᠠᠮᠠᠯ ᠵᠠᠮ ᠤᠨ ᠦᠨᠳᠦᠰᠦᠨ ᠪᠠᠶᠢᠳᠠᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠦᠷ᠎ᠡ ᠪᠦᠲᠦᠮᠵᠢ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠂ ᠣᠳᠣᠬᠠᠨ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠵᠡᠷᠭᠡ ᠶᠢᠨ ᠲᠣᠭᠤᠷᠢᠨ ᠳᠤ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠬᠤᠷᠠᠯ ᠳᠤ ᠣᠷᠣᠯᠴᠠᠭᠰᠠᠳ ᠠᠴᠠ ᠣᠳᠣᠬᠠᠨ ᠤ ᠵᠠᠮ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ ᠪᠤᠯᠤᠨ ᠢᠷᠡᠭᠡᠳᠦᠶ ᠶᠢᠨ ᠬᠥᠭᠵᠢᠯᠲᠡ ᠶᠢᠨ ᠰᠡᠳᠬᠢᠴᠡ ᠲᠠᠢ ᠤᠶᠠᠯᠳᠤᠭᠤᠯᠵᠤ᠂ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠨᠢᠭᠡᠴᠡ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠪᠣᠳᠠᠲᠠᠢ ᠰᠠᠨᠠᠯ ᠰᠠᠨᠠᠭᠤᠯᠭ᠎ᠠ ᠪᠠᠨ ᠳᠤᠷᠠᠳᠴᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ ︽ᠠᠷᠪᠠᠨ ᠲᠠᠪᠤᠳᠤᠭᠠᠷ ᠲᠠᠪᠤᠨ ᠵᠢᠯ︾ ᠤᠨ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ᠂ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠳᠠᠢ ᠬᠥᠳᠡᠭᠡ ᠶᠢᠨ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠠᠵᠢᠯ ᠤᠨ ᠦᠷ᠎ᠡ ᠪᠦᠲᠦᠭᠡᠯ ᠢ  ᠤᠯᠠᠮ ᠪᠠᠳᠤᠳᠬᠠᠨ ᠬᠥᠳᠡᠭᠡ ᠲᠣᠰᠬᠤᠨ ᠤ ᠵᠠᠮ ᠨᠡᠪᠳᠡᠷᠡᠯᠭᠡ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠵᠦ᠂ ᠵᠠᠰᠠᠮᠠᠯ ᠵᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号