ᠬᠠᠭᠤᠴᠢ  ᠪᠠᠭᠤᠷᠢ —  ᠵᠢᠷᠠᠨ  ᠤᠰᠤᠨ ᠳᠠᠬᠢ ᠬᠤᠳᠠ ᠶᠢᠨ ᠪᠠᠭᠤᠷᠢ
ᠨᠡᠶᠢᠲᠡᠯᠡᠭᠰᠡᠨ ᠴᠠᠭ᠄
2024/10/9
  ᠬᠦᠨᠪᠤᠯᠠᠭ ᠰᠤᠮᠤᠨ ᠤ ᠵᠢᠷᠠᠨ ᠤᠰᠤ ᠭᠠᠴᠠᠭᠠᠨ ᠤ ᠡᠮᠦᠨ᠎ᠡ 100 ᠭᠠᠷᠤᠢ ᠮᠧᠲᠷ ᠤᠨ ᠵᠠᠶᠢᠳᠠᠢ ᠪᠠᠶᠢᠷᠢᠯᠠᠵᠤ ᠪᠤᠢ᠃ ᠤᠷᠳᠤ ᠲᠦᠷᠪᠡᠯᠵᠢᠨ ᠬᠡᠯᠪᠡᠷᠢᠳᠡᠢ᠂ ᠵᠡᠬᠦᠨᠰᠢ ᠪᠠᠷᠠᠭᠤᠨᠰᠢ 318 ᠮᠧᠲᠷ᠂ ᠡᠮᠦᠨᠡᠰᠢ  ᠬᠤᠶᠢᠰᠢ 323 ᠮᠧᠲᠷ᠂ ᠲᠠᠯᠠᠪᠠᠢ ᠨᠢ 102714 ᠬᠠᠪᠳᠠᠭᠠᠢ ᠲᠦᠷᠪᠡᠯᠵᠢᠨ ᠮᠧᠲᠷ᠃  ᠬᠤᠳᠠ ᠶᠢᠨ ᠪᠠᠭᠤᠷᠢ ᠶᠢᠨ ᠦᠷᠭᠡᠨ ᠨᠢ 7 —8 ᠮᠧᠲᠷ᠂ ᠦᠨᠳᠦᠷ ᠨᠢ 1 —2 ᠮᠧᠲᠷ᠃ ᠵᠡᠬᠦᠨ ᠭᠡᠷᠡᠮ ᠪᠠ ᠡᠮᠦᠨ᠎ᠡ ᠬᠡᠷᠡᠮ ᠳᠡᠭᠡᠨ ᠲᠤᠰᠪᠤᠷᠢ ᠨᠢᠬᠡ ᠡᠬᠦᠳᠡ ᠲᠠᠢ ᠪᠠᠶᠢᠵᠠᠢ  ᠂ ᠡᠬᠦᠳᠡᠨ ᠤ ᠦᠷᠭᠡᠨ ᠨᠢ  ᠪᠦᠷ15 ᠮᠧᠲᠷ᠃᠂ ᠡᠬᠦᠳᠡᠨ ᠭᠠᠳᠠᠨ᠎ᠠ  ᠎ ᠪᠠᠨ ᠮᠤᠷᠢᠨ ᠲᠤᠭᠤᠷᠠᠢ ᠶᠢᠨ ᠬᠡᠯᠪᠡᠷᠢᠳᠦ ᠪᠠᠬᠢᠯᠡᠯᠳᠡ ᠲᠠᠢ᠃ ᠬᠤᠳᠠ ᠶᠢᠨ ᠲᠦᠷᠪᠡᠨ ᠦᠨᠴᠦᠭ ᠲᠤ ᠳ᠋ᠢᠶᠠᠮᠧᠲᠷ ᠨᠢ 16 ᠮᠧᠲᠷ᠂ ᠦᠨᠳᠦᠷ ᠨᠢ 1.5 — 2 ᠮᠧᠲᠷ  ᠤᠷᠴᠢᠮ ᠤᠨ ᠲᠤᠭᠤᠷᠢᠭ ᠬᠡᠯᠪᠡᠷᠢᠳᠦ ᠲᠠᠭᠳᠤ  ᠎ ᠶᠢᠨ ᠪᠠᠭᠤᠷᠢ  ᠪᠠᠶᠢᠭ᠎ᠠ᠃  ᠡᠬᠦᠨ ᠠᠴᠠ ᠦᠵᠡᠪᠡᠯ᠂ ᠮᠦᠨ ᠬᠦ᠋ ᠴᠡᠷᠢᠭ ᠤᠨ ᠶᠠᠪᠤᠳᠠᠯ ᠤᠨ ᠬᠠᠮᠠᠭᠠᠯᠠᠯᠳᠠ ᠶᠢᠨ ᠦᠢᠯᠡᠳᠦᠯ ᠲᠠᠢ  ᠬᠤᠳᠠ ᠪᠠᠶᠢᠵᠠᠢ᠃ ᠬᠤᠳᠠᠨ ᠲᠤᠳᠤᠷᠠᠬᠢ ᠭᠠᠵᠠᠷ ᠨᠢ ᠲᠡᠭᠰᠢ ᠪᠠᠶᠢᠵᠤ᠂ ᠭᠡᠷ ᠪᠠᠷᠢᠯᠭ᠎ᠠ  ᠎ ᠶᠢᠨ ᠪᠠᠭᠤᠷᠢ ᠦᠵᠡᠭᠳᠡᠬᠦ ᠦᠬᠡᠢ  ᠃  ᠬᠤᠳᠠ ᠲᠤᠳᠤᠷ᠎ᠠ ᠠᠴᠠ ᠤᠯᠳᠠᠭᠰᠠᠨ ᠸᠠᠭᠠᠷ ᠰᠠᠪᠠ᠂ ᠠᠶᠠᠭ᠎ᠠ ᠫᠢᠯᠠ ᠶᠢᠨ ᠬᠡᠯᠳᠡᠷᠭᠡᠢ ᠵᠢᠴᠢ ᠴᠢᠯᠠᠭᠤᠨ ᠲᠡᠭᠡᠷᠮ᠎ᠡ ᠮᠡᠳᠦ ᠶᠢᠨ ᠪᠠᠭᠠᠵᠢ ᠭᠡᠷᠡᠭᠰᠡᠯ ᠠᠴᠠ ᠦᠵᠡᠬᠦ ᠳᠤ ᠶᠤᠸᠠᠨ ᠤᠯᠤᠰ ᠤᠨ ᠦᠶ᠎ᠡ ᠶᠢᠨ ᠬᠤᠳᠠ ᠮᠠᠶ᠋ᠢᠭᠳᠠᠢ᠃  
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号