ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠭᠠᠵᠢᠭᠤ ᠨᠣᠮᠯᠠᠯ ᠤᠨ ᠬᠤᠤᠷ | ᠬᠥᠨᠥᠭᠡᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠬᠤ ᠶᠢᠨ ᠲᠥᠯᠥᠭᠡ᠂ | ᠣᠶᠢᠷ᠎ᠠ ᠳᠤ ᠴᠢᠶᠠᠨ ᠶᠢᠨ ᠭᠸᠦ ᠪᠠᠯᠭᠠᠰᠤ ᠨᠢ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠠᠷᠠᠳ ᠢᠶᠠᠷ ᠢᠶᠠᠨ ᠭᠠᠵᠢᠭᠤ ᠨᠣᠮᠯᠠᠯ ᠢ | ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠡᠨᠡ ᠬᠤᠭᠤᠴᠠᠭᠠᠨ ᠳᠤ᠂ ᠪᠠᠯᠭᠠᠰᠤᠨ ᠤ | ᠶᠡᠷᠦᠩᠬᠡᠶᠢᠯᠡᠨ ᠵᠠᠰᠠᠬᠤ ᠲᠥᠪ ᠪᠣᠯᠤᠨ ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ ᠭᠡᠰᠢᠬᠦᠨ ᠣᠯᠠᠨ ᠲᠦᠮᠡᠨ ᠳᠤ | ᠦᠢᠯᠡᠴᠢᠯᠡᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠬᠤ᠂ ᠦᠵᠡᠭᠦᠯᠭᠡ ᠶᠢᠨ ᠰᠠᠮᠪᠠᠷ᠎ᠠ ᠪᠤᠰᠠᠬᠠᠤ ᠵᠡᠷᠭᠡ ᠠᠷᠭ᠎ᠠ | ᠮᠠᠶ᠋ᠢᠭ ᠢᠶᠠᠷ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ᠂ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ ᠨᠣᠮᠯᠠᠯ ᠢ | ᠡᠰᠡᠷᠭᠦᠴᠡᠬᠦ ᠵᠡᠷᠭᠡ ᠬᠠᠤᠯᠢ ᠲᠦᠷᠢᠮ ᠪᠠ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠭᠠᠵᠢᠭᠤ ᠨᠣᠮᠯᠠᠯ ᠤᠨ ᠮᠥᠨ | ᠴᠢᠨᠠᠷ᠂ ᠣᠨᠴᠠᠯᠢᠭ ᠰᠢᠨᠵᠢ ᠪᠠ ᠬᠤᠪᠢ ᠬᠥᠮᠦᠨ᠂ ᠬᠡᠷ ᠪᠦᠯᠢ ᠪᠣᠯᠤᠨ ᠨᠡᠶᠢᠭᠡᠮ ᠳᠤ ᠦᠵᠡᠭᠦᠯᠬᠦ ᠬᠤᠤᠷ ᠬᠥᠨᠥᠭᠡᠯ ᠢ | ᠲᠠᠶᠢᠯᠪᠤᠷᠢᠯᠠᠬᠤ ᠶᠢᠨ ᠬᠠᠮᠲᠤ ᠲᠣᠰᠬᠤᠨ ᠤ ᠠᠷᠠᠳ ᠲᠤ ᠰᠡᠷᠭᠡᠶᠢᠯᠡᠯᠲᠡ ᠬᠠᠮᠠᠭᠠᠯᠠᠯᠳᠠ ᠪᠠᠨ ᠴᠢᠩᠭᠠᠳᠬᠠᠵᠤ᠂ ᠨᠡᠶᠢᠭᠡᠮ ᠤᠨ | ᠵᠠᠰᠠᠯᠲᠠ ᠳᠤ ᠢᠳᠡᠪᠬᠢᠲᠡᠶ ᠤᠷᠤᠯᠴᠠᠬᠤ ᠶᠢ ᠰᠠᠨᠠᠭᠤᠯᠤᠨ᠂ ᠬᠥᠮᠦᠨ ᠪᠦᠬᠦᠨ ᠭᠠᠵᠢᠭᠤ ᠨᠣᠮᠯᠠᠯ ᠢ ᠡᠰᠡᠷᠭᠦᠴᠡᠬᠦ ᠬᠦᠴᠦᠷᠬᠡᠭ | ᠶᠡᠭᠡ ᠬᠠᠮᠲᠤᠷᠠᠯ ᠬᠦᠴᠦᠨ ᠢ ᠪᠤᠢ ᠪᠤᠯᠭᠠᠭᠰᠠᠨ ᠪᠠᠶᠢᠨ᠎ᠠ᠃ | | | | | | | | | |