ᠪᠤᠤᠴᠠᠩ ᠪᠠᠯᠭᠠᠰᠤ᠄ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ ᠣᠷᠴᠢᠨ ᠲᠣᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/11/1
  ᠤᠢᠢᠷ᠎ᠠ ᠶᠢᠨ ᠵᠢᠯ ᠳᠤ᠂ ᠪᠤᠤᠴᠠᠩ ᠪᠠᠯᠭᠠᠰᠤ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠢᠢᠯᠠᠭᠠᠭᠳᠠᠬᠤᠨ ᠢ ᠠᠵᠢᠯ ᠤᠨ ᠳᠤᠮᠳᠠ ᠪᠠᠨ ᠲᠤᠤᠱᠯᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠲᠤᠰᠬᠠᠢ ᠴᠡᠭᠴᠡᠯᠡᠨ  ᠵᠠᠰᠠᠬᠤ ᠠᠵᠢᠯᠯᠠᠭ᠎ᠠ ᠦᠷᠨᠢᠬᠦᠯᠵᠦ᠂  ᠪᠠᠷᠢᠯᠭ᠎ᠠ ᠶᠢᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠨ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠢ ᠳᠡᠭᠡᠭᠰᠢᠯᠡᠭᠦᠯᠵᠦ᠂ ᠴᠡᠪᠡᠷ ᠲᠠᠭᠠᠯᠠᠮᠵᠢᠲᠠᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠠᠶᠢᠭᠤᠯᠵᠤ᠂ ᠪᠤᠤᠴᠠᠩ ᠪᠠᠯᠭᠠᠰᠤᠨ ᠤ ᠪᠠᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠎ ᠳᠤ ᠪᠠᠳᠤᠯᠠᠭ᠎ᠠ ᠬᠠᠩᠭᠠᠵᠠᠢ᠃  ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠠ ᠡᠯ᠎ᠡ ᠲᠣᠰᠬᠤᠨ ︵ᠨᠡᠶᠢᠭᠡᠮ ᠲᠣᠭᠤᠷᠢᠭ︶᠎ ᠤ ᠠᠵᠢᠯᠲᠠᠳ ᠢ ᠵᠣᠬᠢᠶᠠᠨ ᠪᠠᠶᠢᠭᠤᠯᠵᠤ᠂  ᠲᠠᠭᠠᠭᠠᠴᠢᠯᠠᠨ ᠬᠠᠷᠢᠭᠤᠴᠠᠬᠤ᠂  ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠪᠠᠷ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠬᠤᠭ ᠨᠣᠪᠰᠢ ᠶᠢ ᠪᠦᠬᠦ ᠲᠠᠯ᠎ᠠ ᠪᠠᠷ ᠪᠠᠶᠢᠴᠠᠭᠠᠨ᠂ ᠢᠯᠠᠩᠭᠤᠶ᠎ᠠ ᠵᠡᠭᠡᠯᠢ ᠭᠤᠳᠤᠮᠵᠢ᠂ ᠵᠠᠮ ᠳᠠᠭᠠᠤ ᠶᠢᠨ ᠭᠤᠤ ᠰᠤᠪᠠᠭ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ  ᠭᠤᠤᠯᠳᠠᠯᠭ᠎ᠠ ᠲᠠᠢ ᠭᠠᠵᠠᠷ ᠣᠷᠣᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠰᠠᠶᠢᠲᠤᠷ ᠳᠡᠩᠰᠡᠯᠡᠨ ᠲᠡᠮᠳᠡᠭᠯᠡᠵᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠵᠡᠭᠳᠡᠯ ᠢ ᠡᠷᠡᠰ ᠬᠤᠷᠢᠭᠯᠠᠪᠠ᠃   ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠬᠦᠯᠵᠦ᠂ ︽ᠡᠵᠡᠨ ᠲᠠᠢ︾ ᠪᠠᠷᠢᠯᠭ᠎ᠠ ᠶᠢᠨ ᠬᠤᠭ ᠨᠣᠪᠰᠢ  ᠪᠤᠯ ᠬᠠᠤᠯᠢ ᠬᠡᠷᠡᠭᠵᠢᠭᠦᠯᠬᠦ ᠠᠵᠢᠯᠲᠠᠨ ᠠᠴᠠ ᠴᠠᠭ ᠲᠤᠭᠳᠠᠭᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠵᠤ  ᠂ ︽ᠡᠵᠡᠨ ᠦᠭᠡᠶ︾ ᠪᠠᠷᠢᠯᠭ᠎ᠠ ᠶᠢᠨ ᠬᠤᠭ ᠨᠣᠪᠰᠢ ᠶᠢ ᠪᠣᠯ ᠬᠠᠤᠯᠢ ᠬᠡᠷᠡᠭᠵᠢᠭᠦᠯᠬᠦ ᠠᠩᠭᠢ ᠪᠠ ᠲᠣᠰᠬᠤᠨ ᠤ  ᠠᠵᠢᠯᠳᠠᠳ ᠦᠪᠡᠷᠳᠡᠭᠡᠨ ᠲᠡᠷᠭᠡ ᠬᠥᠰᠬᠡ ᠬᠦᠳᠡᠯᠬᠡᠨ ᠲᠥᠪᠯᠡᠷᠡᠭᠦᠯᠦᠨ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠪᠣᠬᠢᠷᠲᠤᠭᠰᠠᠨ ᠭᠠᠵᠠᠷ ᠰᠢᠷᠣᠶ ᠪᠠ ᠣᠷᠣᠨ ᠪᠦᠰᠡ ᠶᠢᠨ ᠴᠡᠪᠡᠷ ᠴᠡᠮᠴᠡᠭᠡᠷ ᠤᠤᠯ ᠪᠠᠶᠢᠳᠠᠯ ᠢ ᠰᠡᠷᠭᠦᠭᠡᠪᠡ᠃  ᠪᠠᠶᠢᠩᠭᠤ ᠶᠢᠨ ᠲᠣᠭᠤᠷᠢᠨ ᠪᠠᠶᠢᠴᠠᠭᠠᠯᠳᠠ ᠪᠠ ︽ᠡᠷᠬᠢᠨ ᠬᠠᠷᠠᠬᠤ︾ ᠠᠵᠢᠯ ᠢ ᠨᠠᠶᠢᠳᠠᠪᠤᠷᠢᠵᠢᠭᠤᠯᠵᠤ᠂ ᠬᠤᠯᠠᠭᠠᠢ ᠪᠠᠷ ᠬᠠᠶᠠᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠮᠡᠳᠡᠭᠦᠯᠵᠦ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢ ᠦᠨᠡᠨᠬᠦ ᠪᠠᠳᠤᠯᠠᠭᠰᠠᠨ ᠪᠠᠶᠢᠨ᠎ᠠ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠭᠦᠯᠬᠦ  ᠠᠵᠢᠯᠳᠠᠳ ᠲᠣᠭᠲᠠᠭᠰᠠᠨ ᠴᠠᠭ ᠦᠭᠡᠢ᠂ ᠲᠣᠭᠲᠠᠭᠰᠠᠨ ᠴᠡᠭ ᠦᠭᠡᠢ᠂ ᠲᠣᠭᠲᠠᠭᠰᠠᠨ ᠵᠠᠮ ᠱᠤᠭᠤᠮ ᠦᠬᠡᠢ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂  ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠢ ᠪᠠᠷ ᠬᠠᠶᠠᠬᠤ᠂  ᠳᠤᠷ᠎ᠠ ᠪᠠᠷ ᠢᠶᠠᠨ ᠰᠢᠢᠳᠪᠦᠷᠢᠯᠡᠬᠦ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠶᠢᠨ ᠬᠠᠮᠳᠤ᠂ ᠪᠠᠯᠭᠠᠰᠤᠨ ᠤ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠡᠯ᠎ᠡ ᠲᠥᠷᠥᠯ ᠤᠨ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ  ᠴᠢᠩᠭ᠎ᠠ ᠴᠣᠬᠢᠯᠲᠠ ᠦᠭᠴᠡᠢ᠃  ᠡᠬᠦᠨ ᠤ ᠬᠠᠮᠳᠤ᠂ ᠠᠶᠢᠯ ᠲᠣᠰᠬᠤᠨ᠂ ᠨᠡᠶᠢᠭᠡᠮ ᠲᠣᠭᠤᠷᠢᠭ ᠢ ᠳᠠᠶᠢᠴᠢᠯᠠᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠳᠤ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠢ ᠪᠠᠷ ᠬᠠᠶᠠᠬᠤ᠂ ᠳᠤᠷ᠎ᠠ ᠪᠠᠷ ᠢᠶᠠᠨ ᠬᠠᠶᠠᠬᠤ ᠶᠢᠨ ᠬᠤᠣᠷ ᠬᠥᠨᠥᠭᠡᠯ ᠪᠠ ᠬᠠᠮᠢᠶ᠎ᠠ ᠪᠦᠬᠦᠢ ᠬᠠᠤᠯᠢ  ᠲᠦᠷᠢᠮ ᠢ ᠲᠠᠶᠢᠯᠪᠤᠷᠢᠯᠠᠭᠰᠠᠨ ᠪᠦᠭᠡᠳ ᠱᠠᠩᠨᠠᠵᠤ ᠲᠣᠷᠭᠠᠬᠤ ᠲᠣᠭᠲᠠᠴᠠ ᠶᠢ ᠨᠡᠶᠢᠳᠡᠯᠡᠨ᠂ ᠥᠷᠭᠡᠨ ᠣᠯᠠᠨ ᠰᠠᠭᠤᠭᠠᠯᠢ ᠠᠷᠠᠳ ᠢ ᠵᠣᠷᠢᠭᠵᠢᠭᠤᠯᠤᠨ ᠬᠠᠤᠯᠢ ᠪᠤᠰᠤ ᠠᠵᠢᠯᠯᠠᠭ᠎ᠠ ᠳᠤ ᠬᠢᠨᠠᠯᠲᠠ ᠲᠠᠯᠪᠢᠭᠤᠯᠵᠤ᠂ ᠬᠠᠤᠯᠢ ᠪᠤᠰᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ ᠪᠤᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号