ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠬᠥᠬᠡᠬᠤᠲᠠ ᠪᠤᠭᠤᠲᠤ ᠤᠷᠳᠤᠰ ᠲᠤ ᠬᠦᠷᠴᠦ ᠲᠤᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2024/11/12
  ᠲᠡᠷᠢᠭᠦᠨ ᠤ ᠭᠠᠵᠠᠷ ᠣᠷᠣᠨ ᠤ ᠠᠵᠢᠯ ᠤᠨ ᠲᠤᠷᠰᠢᠯᠭ᠎ᠠ ᠶᠢ ᠰᠤᠷᠤᠯᠴᠠᠨ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠬᠠᠷᠠᠭ᠎ᠠ ᠰᠡᠳᠬᠢᠴᠡ ᠶᠢ ᠦᠷᠭᠡᠳᠭᠡᠨ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 5᠎ ᠤ ᠡᠳᠦᠷ ᠠᠴᠠ 9᠎ ᠤ ᠡᠳᠦᠷ ᠪᠣᠯᠲᠠᠯ᠎ᠠ ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠬᠡᠰᠡᠭ ᠠᠷᠠᠳ ᠎ ᠤᠨ ᠲᠥᠯᠥᠭᠡᠯᠡᠭᠴᠢ ᠪᠠ ᠪᠠᠶᠢᠭᠤᠯᠭ᠎ᠠ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠥᠬᠡᠬᠤᠲᠠ᠂ ᠪᠤᠭᠤᠲᠤ᠂ ᠣᠷᠳᠣᠰ ᠵᠡᠷᠭᠡ ᠭᠠᠵᠠᠷ ᠤᠷᠤᠨ ᠢᠶᠠᠷ ᠬᠦᠷᠴᠦ᠂ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠠᠵᠤ ᠦᠢᠯᠡᠰ ᠤᠨ ᠬᠦᠭᠵᠢᠯᠳᠡ ᠵᠡᠷᠭᠡ ᠲᠠᠯ᠎ᠠ ᠶᠢᠨ ᠰᠢᠯᠢᠳᠡᠭ ᠠᠷᠭ᠎ᠠ ᠲᠤᠷᠰᠢᠯᠭ᠎ᠠ ᠶᠢ ᠲᠤᠭᠤᠷᠢᠨ ᠰᠤᠷᠤᠯᠴᠠᠵᠠᠢ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ᠂ ᠨᠢᠭᠡ ᠳᠤ ᠡᠨᠡ ᠤᠳᠠᠭᠠᠨ ᠤ ᠲᠤᠭᠤᠷᠢᠨ ᠰᠤᠷᠤᠯᠴᠠᠬᠤ ᠠᠵᠢᠯᠯᠠᠭᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠰᠤᠷᠤᠯᠴᠠᠬᠤ ᠶᠢᠨ ᠳᠠᠭᠠᠤ ᠰᠡᠳᠬᠢᠨ  ᠂ ᠰᠤᠷᠤᠯᠴᠠᠬᠤ ᠶᠢᠨ ᠲᠠᠭᠠᠤ ᠰᠤᠳᠤᠯᠵᠤ᠂  ᠰᠤᠷᠴᠤ ᠡᠵᠡᠮᠰᠢᠭᠰᠡᠨ ᠵᠦᠢᠯ ᠢᠶᠠᠨ ᠦᠢᠯᠡᠳᠦᠯᠭᠡ ᠶᠢᠨ ᠲᠤᠮᠳᠠ ᠬᠡᠷᠡᠭᠯᠡᠬᠦ ᠬᠡᠷᠡᠭᠲᠡᠶ᠃ ᠬᠤᠶᠠᠷ ᠲᠤ  ᠰᠤᠷᠤᠯᠴᠠᠯᠭ᠎ᠠ ᠶᠢᠨ ᠰᠠᠬᠢᠯᠭ᠎ᠠ ᠪᠠᠲᠤ ᠶᠢ ᠰᠠᠬᠢᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠴᠢᠩᠭ᠎ᠠ ᠨᠢᠮᠪᠠᠢ ᠤᠪᠤᠷ ᠢᠶᠠᠷ ᠰᠠᠶᠢᠨ ᠰᠠᠶᠢᠬᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠬᠠᠮᠲᠤᠪᠠᠷ ᠡᠭᠦᠳᠬᠦ ᠬᠡᠷᠡᠭᠲᠡᠢ᠃ ᠭᠤᠷᠪᠠ ᠳᠤ ᠬᠤᠶᠢᠰᠢᠳᠠ ᠶᠢᠨ ᠠᠵᠢᠯ ᠤᠨ ᠲᠤᠮᠳᠠ ᠪᠠᠨ  ᠠᠷᠠᠳ ᠲᠦᠮᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠶᠢ ᠲᠤᠷᠠᠳᠤᠨ᠂  ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠲᠦᠷᠭᠡᠨ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠳᠦ ᠪᠣᠯᠪᠠᠰᠤᠷᠠᠯ ᠲᠡᠭᠡᠷ᠎ᠡ᠂  ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠮᠠ ᠴᠧᠨ ᠢ ᠤᠷᠢᠵᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠲᠣᠭᠤᠷᠢᠨ ᠳᠤ ᠲᠤᠰᠬᠠ᠊ ᠰᠡᠳᠦᠪᠳᠦ ᠬᠢᠴᠢᠶᠡᠯ ᠲᠠᠶᠢᠯᠤᠮᠵᠢ   ᠬᠢᠯᠬᠡᠵᠦ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ ᠴᠢᠭᠯᠡᠯ ᠢ ᠲᠤᠳᠤᠷᠬᠠᠶᠢᠯᠠᠨ᠂ ᠠᠷᠭ᠎ᠠ ᠶᠢ ᠵᠢᠭᠠᠭᠠᠳ  ᠂ ᠠᠷᠠᠳ ᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠲᠦᠮᠵᠢᠲᠡᠶ ᠶᠠᠪᠤᠭᠳᠠᠬᠤ ᠶᠢ ᠠᠬᠢᠭᠤᠯᠬᠤ ᠳᠤ ᠮᠠᠰᠢ ᠰᠠᠶᠢᠨ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠬᠢᠴᠢᠶᠡᠯ ᠪᠤᠯᠪᠠᠰᠤᠷᠠᠯ ᠪᠤᠯᠤᠭᠰᠠᠨ ᠪᠠᠶᠢᠨ᠎ᠠ᠃  ᠲᠥᠯᠥᠭᠡᠯᠡᠭᠴᠢᠳ ᠢᠯᠡᠷᠬᠡᠶᠢᠯᠡᠬᠦ ᠳᠡᠭᠡᠨ ︽ᠡᠨᠡ ᠤᠳᠠᠭᠠᠨ ᠤ   ᠠᠵᠢᠯᠯᠠᠭ᠎ᠠ ᠨᠢ ᠪᠢᠳᠡᠨ ᠳᠤ ᠬᠤᠪᠣᠷ ᠨᠠᠨᠳᠢᠨ ᠰᠤᠷᠤᠯᠴᠠᠯᠭ᠎ᠠ ᠰᠤᠯᠢᠯᠴᠠᠭᠠᠨ ᠤ ᠲᠠᠪᠴᠠᠩ ᠢ ᠬᠠᠩᠭᠠᠵᠠᠢ᠂ ᠦᠷᠦᠬᠡᠯ ᠤᠨ ᠰᠠᠶᠢᠨ ᠢ ᠬᠠᠷᠠᠵᠤ ᠦᠪᠡᠷᠰᠡᠳ ᠤᠨ ᠲᠤᠳᠠᠭᠳᠠᠯ ᠢᠶᠠᠨ ᠢᠯᠡᠷᠡᠭᠦᠯᠦᠭᠰᠡᠨ ᠪᠦᠭᠡᠳ ᠬᠠᠷᠠᠭ᠎ᠠ ᠪᠠᠨ ᠲᠡᠯᠡᠵᠦ ᠰᠡᠳᠬᠢᠴᠡ ᠪᠠᠨ ᠦᠷᠭᠡᠳᠭᠡᠯ᠎ᠡ᠃ ᠬᠤᠶᠢᠰᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂  ᠡᠨᠡ  ᠤᠳᠠᠭᠠᠨ ᠤ ᠦᠵᠡᠵᠦ ᠰᠤᠨᠤᠰᠤᠭᠰᠠᠨ ᠰᠤᠷᠴᠤ ᠡᠵᠡᠮᠰᠢᠭᠰᠡᠨ ᠵᠦᠢᠯ ᠢᠶᠠᠨ ᠠᠵᠢᠯ ᠤᠨ ᠲᠤᠮᠳᠠ ᠎ ᠪᠠᠨ ᠨᠠᠶᠢᠳᠠᠪᠤᠷᠢᠵᠢᠭᠤᠯᠵᠤ᠂ ᠠᠵᠤ ᠠᠬᠤᠢ ᠬᠦᠴᠦᠷᠭᠡᠭ᠂ ᠪᠠᠶᠢᠷᠢᠰᠢᠯ ᠰᠢᠨ᠎ᠡ᠂ ᠣᠷᠴᠢᠨ ᠨᠦᠬᠦᠴᠡᠯ ᠰᠢᠯᠢᠳᠡᠭ᠂ ᠠᠮᠢᠵᠢᠷᠠᠯ ᠤᠨ ᠬᠦᠴᠦᠨ ᠲᠡᠭᠦᠯᠳᠡᠷ᠂ ᠠᠷᠠᠳ ᠤᠯᠠᠨ ᠴᠢᠨᠡᠭᠡᠯᠢᠭ ᠦᠵᠡᠰᠬᠦᠯᠡᠩᠳᠦ ᠰᠠᠶᠢᠬᠠᠨ  ᠯᠦᠸᠧ ᠲᠦᠸᠧ ᠱᠠᠨ ᠪᠠᠯᠭᠠᠰᠤ ᠶᠢ ᠲᠦᠷᠭᠡᠳᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ︾ ᠬᠡᠵᠡᠬᠡᠨ᠎ᠡ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号