ᠲᠠᠶᠢᠹᠤᠰᠧ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/11/13
 11 ᠰᠠᠷ᠎ᠠ ᠶᠢᠨ 12᠎ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ  ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠬᠠᠮᠵᠢᠯᠴᠠᠨ ᠡᠷᠬᠢᠯᠡᠵᠦ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠬᠢᠯᠡᠭᠰᠡᠨ ᠲᠠᠶᠢᠹᠤᠰᠧ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠰᠢᠨ ᠬᠤᠸᠠ ᠨᠡᠶᠢᠬᠡᠮ ᠲᠤᠭᠤᠷᠢᠭ ᠲᠤ ᠳᠤ ᠠᠮᠵᠢᠯᠲᠠ ᠲᠠᠢ ᠶᠠᠪᠤᠭᠳᠠᠵᠤ᠂ 12 ᠲᠥᠷᠥᠯ ᠵᠦᠢᠯ ᠤᠷᠤᠯᠳᠤᠭᠠᠨ ᠳᠤ ᠤᠷᠤᠯᠴᠠᠭᠠᠳ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠭᠦᠳᠦᠯᠲᠡ ᠬᠠᠶᠢᠯᠳᠠ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠥᠬᠦ ᠲᠠᠯ᠎ᠠ ᠪᠠᠷ ᠬᠠᠷᠠᠭᠤᠯᠤᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ᠃  ᠡᠨᠡ ᠤᠳᠠᠭᠠᠨ ᠤ ᠤᠷᠤᠯᠳᠤᠭᠠᠨ ᠢ 8 ᠳ᠋ᠤᠭᠠᠷ ᠰᠠᠷ᠎ᠠ ᠳᠤ ᠡᠬᠢᠯᠡᠭᠦᠯᠦᠭᠰᠡᠨ ᠠᠴᠠ ᠨᠠᠰᠢ ᠨᠡᠶᠢᠲᠡ 25 ᠲᠥᠷᠥᠯ ᠵᠦᠢᠯ ᠤᠷᠤᠯᠳᠤᠭᠠᠨ ᠳᠤ ᠤᠷᠤᠯᠴᠠᠬᠤ ᠪᠠᠷ ᠨᠡᠷ᠎ᠡ ᠮᠡᠳᠡᠬᠦᠯᠵᠦ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ  ᠰᠢᠭᠰᠢᠯᠳᠡ ᠰᠤᠩᠭᠤᠯᠳᠠ ᠪᠠ  ᠬᠤᠰᠢᠭᠤ ᠱᠠᠳᠤᠨ ᠤ ᠠᠩᠬᠠᠨ ᠤ ᠰᠢᠯᠭᠠᠷᠠᠭᠤᠯᠤᠯᠲᠠ ᠵᠡᠷᠭᠡ ᠭᠤᠭᠴᠤᠭ᠎ᠠ ᠪᠠᠷ ᠲᠠᠮᠵᠢᠭᠠᠳ 12 ᠲᠥᠷᠥᠯ ᠵᠦᠢᠯ ᠰᠢᠢᠳᠪᠦᠷᠢᠲᠦ ᠤᠷᠤᠯᠳᠤᠭᠠᠨ ᠳᠤ ᠣᠷᠣᠵᠤ ᠮᠥᠷᠦ᠋ᠢᠴᠡᠭᠰᠡᠨ ᠪᠠᠶᠢᠨ᠎ᠠ᠃ ᠤᠷᠤᠯᠳᠤᠭᠠᠨ ᠤ ᠠᠬᠤᠢ ᠲᠠᠯᠠᠪᠠᠶ ᠳᠤ᠂ ᠲᠠᠶᠢᠯᠪᠤᠷᠢᠯᠠᠭᠴᠢ ᠨᠠᠷ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ ᠭᠠᠷᠴᠤ ︽ᠡᠷᠳᠡᠮ ᠴᠢᠳᠠᠪᠤᠷᠢ ᠪᠠᠨ ᠬᠠᠷᠠᠭᠤᠯᠤᠨ︾᠂ PPT᠂ ᠬᠠᠷᠠᠭᠠᠨ ᠳᠠᠪᠲᠠᠮᠵᠢ ᠵᠡᠷᠭᠡ ᠠᠷᠭ᠎ᠠ ᠬᠡᠯᠪᠡᠷᠢ ᠪᠠᠷ ᠲᠥᠷᠥᠯ ᠵᠦᠢᠯ ᠢ ᠬᠡᠷᠡᠭᠵᠢᠭᠦᠯᠦᠭᠰᠡᠨ ᠠᠬᠤᠶ ᠪᠠᠶᠢᠳᠠᠯ᠂ ᠭᠤᠤᠯ ᠠᠷᠭ᠎ᠠ ᠪᠠᠷᠢᠯ᠂ ᠳᠠᠪᠠᠭᠤᠯᠢᠭ ᠤᠨᠴᠠᠯᠢᠭ ᠪᠠ ᠦᠷ᠎ᠡ ᠪᠦᠲᠦᠮᠵᠢ ᠵᠡᠷᠭᠡ ᠲᠠᠯ᠎ᠠ ᠠᠴᠠ ᠤᠷᠤᠯᠳᠤᠭᠠᠨ ᠳᠤ ᠣᠷᠣᠯᠴᠠᠬᠤ ᠲᠥᠷᠥᠯ ᠵᠦᠢᠯ ᠢᠶᠠᠨ ᠨᠠᠷᠢᠨ ᠲᠠᠨᠢᠯᠴᠠᠭᠤᠯᠪᠠ᠃  ᠡᠳᠡᠭᠡᠷ ᠲᠥᠷᠥᠯ ᠵᠦᠢᠯ ᠤᠨ ᠠᠭᠤᠯᠭ᠎ᠠ ᠳᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠣᠨᠴᠠᠭᠠᠶ ᠬᠥᠮᠦᠰ ᠢ ᠬᠠᠯᠠᠮᠵᠢᠯᠠᠬᠤ᠂ ᠵᠠᠩ ᠳᠠᠳᠬᠠᠯ ᠢ ᠥᠭᠡᠷᠡᠴᠢᠯᠡᠬᠦ᠂ ᠬᠠᠮᠲᠤ ᠪᠠᠷ ᠪᠠᠶᠠᠵᠢᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠯᠠᠨ ᠠᠷᠪᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠬᠠᠮᠤᠷᠴᠠᠶ᠃ ᠰᠢᠯᠭᠠᠷᠠᠭᠤᠯᠬᠤ ᠺᠣᠮᠢᠰ ᠠᠴᠠ ᠲᠥᠷᠥᠯ ᠵᠦᠢᠯ ᠤᠨ  ᠪᠦᠳᠦᠭᠡᠯᠴᠢ ᠴᠢᠨᠠᠷ᠂ ᠪᠣᠯᠤᠮᠵᠢᠲᠤ ᠴᠢᠨᠠᠷ᠂ ᠦᠷᠬᠦᠯᠵᠢᠯᠡᠬᠦᠶᠢᠴᠡ ᠴᠢᠨᠠᠷ ᠪᠤᠯᠤᠨ ᠨᠡᠶᠢᠭᠡᠮ ᠤᠨ ᠦᠷ᠎ᠡ ᠠᠰᠢᠭ ᠵᠡᠷᠭᠡ ᠶᠢ ᠦᠨᠳᠦᠰᠦᠯᠡᠨ ᠬᠤᠪᠢ ᠤᠯᠭᠤᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠭᠠᠳ᠂ ᠪᠤᠤᠴᠠᠩ ᠪᠠᠯᠭᠠᠰᠤᠨ ᠤ ᠦ᠋ ᠹᠦ᠋ ᠲᠤᠰᠬᠤᠨ ᠎ ᠤ ᠬᠢᠨ ᠨᠢᠭᠡᠳᠦᠭᠡᠷ ᠳᠡᠰ ᠲᠤ᠂ ᠴᠢᠶᠠᠨ ᠶᠢᠨ ᠭᠸᠦ ᠪᠠᠯᠭᠠᠰᠤ  ᠂ ᠰᠢᠨ ᠬᠤᠸᠠ ᠲᠣᠭᠤᠷᠢᠭ ᠤᠨ ᠬᠢᠨ ᠬᠤᠶᠠᠳᠤᠭᠠᠷ ᠳᠡᠰ ᠲᠤ᠂ ᠨᠡᠶᠢᠲᠡ ᠶᠢᠨ ᠠᠰᠠᠷᠠᠮᠵᠢ ᠶᠢᠨ ᠬᠤᠯᠪᠣᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ  ᠂ ᠯᠦᠸᠧ ᠲᠦᠸᠧ ᠱᠠᠨ ᠪᠠᠯᠭᠠᠰᠤ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠨ ᠤ ᠬᠢᠨ ᠲᠤᠰᠪᠤᠷᠢ ᠭᠤᠷᠪᠠᠳᠤᠭᠠᠷ ᠳᠡᠰ ᠲᠤ ᠰᠢᠯᠭᠠᠷᠠᠵᠤ ᠱᠠᠩᠨᠠᠯ ᠬᠦᠬᠢᠬᠦᠯᠦᠯ ᠲᠤᠰᠴᠠᠢ᠃ ᠡᠨᠡ ᠤᠳᠠᠭᠠᠨ ᠤ ᠤᠷᠤᠯᠳᠤᠭᠠᠨ ᠨᠢ ᠪᠥᠬᠦ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠦᠷ᠎ᠡ ᠠᠮᠵᠢᠯᠳᠠ ᠪᠠᠨ ᠳᠡᠯᠭᠡᠨ ᠦᠵᠡᠭᠦᠯᠬᠦ᠂ ᠠᠷᠭ᠎ᠠ ᠲᠤᠷᠰᠢᠯᠭ᠎ᠠ ᠪᠠᠨ ᠬᠠᠷᠢᠯᠴᠠᠨ ᠰᠣᠯᠢᠯᠴᠠᠬᠤ ᠲᠠᠪᠴᠠᠩ ᠢ ᠬᠠᠩᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ  ᠰᠢᠯᠢᠳᠡᠭ ᠲᠥᠷᠥᠯ ᠵᠦᠢᠯ ᠢ ᠪᠤᠶᠢᠵᠢᠭᠤᠯᠬᠤ ᠪᠠ ᠢᠯᠡᠷᠡᠬᠦᠯᠬᠦ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号