ᠠᠵᠢᠯ ᠢ ᠦᠨᠳᠦᠷ ᠪᠦᠳᠦᠮᠵᠢᠳᠡᠢ ᠭᠦᠢᠴᠡᠳᠭᠡᠵᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠦᠨᠵᠡᠬᠡᠶᠢᠷᠡᠬᠦᠯᠦᠨ᠎ᠡ
ᠨᠡᠶᠢᠲᠡᠯᠡᠭᠰᠡᠨ ᠴᠠᠭ᠄
2024/11/13
  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ︾ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠴᠢᠷ ᠶᠠᠪᠤᠳᠠᠯ ᠢ ᠦᠨᠳᠦᠷ ᠪᠦᠳᠦᠮᠵᠢᠳᠡᠢ ᠬᠦᠢᠴᠡᠳᠬᠡᠬᠦ︾ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠤᠨ᠂ ᠦᠬᠡᠷᠡᠴᠢᠯᠡᠯᠳᠡ ᠶᠢᠨ ᠦᠷ᠎ᠡ ᠪᠦᠲᠦᠮᠵᠢ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ  ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂  ᠠᠷᠠᠳ ᠣᠯᠠᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠬᠦᠢᠴᠡᠳᠭᠡᠬᠦ ᠳᠤ ᠨᠠᠩ ᠳᠥᠭᠦᠮ ᠦᠵᠡᠬᠦᠯᠵᠦ ᠪᠠᠶᠢᠨ᠎ᠠ᠃ ᠠᠵᠤ ᠠᠬᠤᠶᠢᠯᠠᠯ ᠪᠠ ᠠᠷᠠᠳ ᠣᠯᠠᠨ ᠤ ᠪᠣᠳᠠᠲᠠᠶ ᠬᠡᠷᠡᠭᠴᠡᠭᠡ ᠠᠴᠠ ᠡᠬᠦᠰᠴᠦ᠂ ︽ ᠦᠨᠳᠦᠷ ᠪᠦᠲᠦᠮᠵᠢᠲᠡᠶ ᠭᠦᠢᠴᠡᠳᠭᠡᠬᠦ︾ ᠦᠢᠯᠡᠴᠢᠯᠡᠭᠡᠨ ᠤ ᠵᠦᠢᠯᠡᠰ ᠤᠨ ᠲᠤᠬᠠᠢ ᠲᠣᠳᠣᠷᠬᠠᠶ ᠣᠶᠢᠯᠠᠭᠠᠮᠵᠢᠲᠠᠶ ᠵᠢᠯᠤᠭᠤᠳᠤᠮᠵᠢ ᠬᠠᠩᠭᠠᠬᠤ ᠶᠢᠨ ᠬᠠᠮᠲᠤ᠂  ᠬᠠᠮᠢᠶ᠎ᠠ ᠪᠥᠬᠦᠶ ᠭᠡᠷᠡᠭᠰᠡᠬᠦ ᠮᠠᠲ᠋ᠧᠷᠢᠶᠠᠯ ᠢ ᠠᠵᠤ ᠠᠬᠤᠶᠢᠯᠠᠯ ᠪᠠ ᠠᠷᠠᠳ ᠣᠯᠠᠨ ᠳᠤ ᠨᠢᠭᠡ ᠯᠡ ᠲᠡᠭᠡᠷ᠎ᠡ ᠮᠡᠳᠡᠭᠳᠡᠵᠦ᠂ ᠠᠵᠤ ᠠᠬᠤᠶᠢᠯᠠᠯ ᠪᠠ ᠠᠷᠠᠳ ᠤᠯᠠᠨ ᠤ ᠣᠯᠠᠨ ᠳᠠᠬᠢᠨ ᠭᠦᠶᠦᠬᠦ ᠠᠰᠠᠭᠤᠳᠠᠯ ᠢ ᠰᠢᠢᠳᠪᠦᠷᠢᠯᠡᠭᠡᠳ᠂ ᠠᠵᠤ ᠠᠬᠤᠶᠢᠯᠠᠯ ᠪᠠ  ᠠᠷᠠᠳ ᠣᠯᠠᠨ ᠤ ᠠᠵᠢᠯ ᠶᠠᠪᠤᠳᠠᠯ ᠬᠦᠢᠴᠡᠳᠭᠡᠬᠦ ᠳᠤ ᠨᠠᠩ ᠳᠥᠭᠦᠮ ᠲᠦᠳᠡ ᠪᠤᠯᠭᠠᠵᠠᠢ᠃ ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ ᠪᠠᠷ ᠲᠠᠮᠵᠢᠭᠠᠳ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠎ ᠶᠢ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠠᠯᠬᠤᠮ ᠶᠠᠪᠤᠴᠠ ᠶᠢ ᠤᠯᠠᠮ ᠲᠦᠬᠦᠮᠴᠢᠯᠡᠨ᠂ ᠲᠠᠮᠠᠭ᠎ᠠ ᠳᠠᠷᠤᠬᠤ᠂ ᠬᠢᠨᠠᠨ ᠬᠠᠷᠭᠤᠭᠤᠯᠬᠤ᠂ ᠳᠠᠩᠰᠠᠯᠠᠬᠤ ᠵᠡᠷᠭᠡ ᠭᠤᠭᠴᠤᠭ᠎ᠠ ᠶᠢ ᠪᠠᠭᠠᠰᠬᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠷᠢᠯᠴᠠᠵᠤ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠦᠨ᠂ ᠨᠢᠭᠡ ᠯᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ᠂  ᠬᠠᠮᠳᠤ ᠳᠤᠨᠢ ᠬᠢᠨᠠᠨ ᠵᠥᠪᠰᠢᠶᠡᠷᠡᠬᠦ᠂ ᠵᠡᠷᠭᠡ ᠪᠠᠷ ᠰᠢᠢᠳᠪᠦᠷᠢᠯᠡᠵᠦ ᠳᠠᠭᠤᠰᠬᠠᠬᠤ ᠶᠢ  ᠪᠡᠶᠡᠯᠡᠬᠦᠯᠵᠦ᠂ ᠠᠵᠤ ᠠᠬᠤᠶᠢᠯᠠᠯ ᠪᠠ ᠠᠷᠠᠳ ᠣᠯᠠᠨ ᠳᠤ ᠨᠠᠩ  ᠰᠠᠶᠢᠨ ᠦᠢᠯᠡᠴᠢᠯᠡᠭᠡ ᠶᠢ ᠬᠠᠩᠭᠠᠵᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠬᠦᠷᠳᠡᠭᠡᠵᠦ ᠪᠤᠢ᠃  ᠤᠳᠤ ᠪᠤᠯᠳᠠᠯ᠎ᠠ᠂ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠨᠢᠬᠡᠨᠳᠡ 13 ᠲᠦᠷᠦᠯ ᠤᠨ ︽ᠥᠨᠳᠥᠷ ᠪᠦᠲᠦᠮᠵᠢᠲᠡᠶ ᠬᠦᠢᠴᠡᠳᠭᠡᠬᠦ︾ ᠵᠦᠢᠯᠡᠰ ᠢ ᠦᠢᠯᠡᠴᠢᠯᠡᠬᠡᠨ ᠤ ᠲᠢᠩᠬᠢᠮ ᠳᠤ  ᠤᠷᠤᠭᠤᠯᠵᠤ᠂ ︽ᠥᠨᠳᠥᠷ ᠪᠦᠲᠦᠮᠵᠢᠲᠡᠶ ᠬᠦᠢᠴᠡᠳᠭᠡᠬᠦ︾ ᠴᠣᠩᠬᠤᠪᠴᠢ 8᠎ ᠶᠢ ᠲᠤᠬᠢᠷᠠᠭᠤᠯᠤᠭᠠᠳ᠂ ︽ᠨᠢᠬᠡ ᠬᠦᠰᠦᠨᠦᠭᠳᠦ ᠪᠠᠷ ᠡᠷᠡᠮᠡᠯᠵᠡᠯᠡᠬᠦ  ᠨᠢᠬᠡ ᠴᠤᠩᠬᠤᠪᠴᠢ ᠪᠠᠷ ᠬᠦᠯᠢᠶᠡᠨ ᠠᠪᠬᠤ︾᠎  ᠠᠷᠭ᠎ᠠ ᠶᠢ ᠭᠡᠷᠡᠭᠵᠢᠬᠦᠯᠬᠦ ᠶᠢᠨ ᠬᠠᠮᠳᠤ᠂ ᠠᠵᠤ ᠠᠬᠤᠶᠢᠯᠠᠯ ᠪᠠ ᠠᠷᠠᠳ ᠣᠯᠠᠨ ᠤ ᠠᠰᠠᠭᠤᠨ ᠯᠠᠪᠯᠠᠬᠤ᠂ ᠵᠠᠭᠠᠯᠳᠤᠵᠤ ᠲᠤᠰᠬᠠᠬᠤ᠂ ᠲᠤᠰᠠᠯᠠᠮᠵᠢ ᠭᠤᠶᠤᠴᠢᠯᠠᠬᠤ᠂ ᠰᠠᠨᠠᠭᠤᠯᠭ᠎ᠠ ᠭᠠᠷᠭᠠᠬᠤ ᠵᠡᠷᠭᠡ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ᠂ ᠠᠵᠤ ᠠᠬᠤᠶᠢᠯᠠᠯ ᠪᠠ ᠠᠷᠠᠳ ᠣᠯᠠᠨ ᠤ ᠠᠵᠢᠯ ᠶᠠᠪᠤᠳᠠᠯ ᠢ ᠬᠦᠢᠴᠡᠳᠭᠡᠬᠦ ᠳᠤ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠬᠠᠩᠭᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号