11 ᠰᠠᠷ᠎ᠠ ᠶᠢᠨ 12 ᠤᠨ ᠡᠳᠦᠷ᠂ ᠬᠤᠩ ᠴᠢ ᠪᠠᠯᠭᠠᠰᠤ ᠨᠢ ᠨᠠᠮ ᠤᠨ ᠬᠤᠷᠢᠶᠠᠨ ᠤ ᠱᠦᠵᠢ ᠪᠠ ᠨᠠᠮ ᠤᠨ | ᠭᠡᠰᠢᠭᠦᠨ ᠤ ᠰᠡᠳᠬᠢᠯ ᠤᠨ ᠦᠭᠡ ᠪᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠰᠦᠨ ᠬᠠᠢ ᠹᠧᠩ᠂ ᠵᠣᠬᠢᠶᠠᠨ ᠪᠠᠶᠢᠭᠤᠯᠬᠤ ᠭᠡᠰᠢᠭᠦᠨ ᠯᠢ ᠱᠢ ᠾᠧ ᠬᠤᠷᠠᠯ ᠳᠤ | ᠣᠷᠣᠯᠴᠠᠪᠠ᠃ ᠰᠦᠨ ᠬᠠᠢ ᠹᠧᠩ ᠬᠤᠷᠠᠯ ᠳᠤ ᠣᠷᠣᠯᠴᠠᠭᠰᠠᠳ ᠤᠨ ᠶᠠᠷᠢᠶ᠎ᠠ ᠢᠯᠡᠳᠭᠡᠯ ᠢ ᠨᠠᠷᠢᠨ ᠬᠢᠨᠠᠮᠠᠭᠠᠢ | ᠰᠣᠨᠣᠰᠤᠭᠰᠠᠨ ᠤ ᠬᠠᠮᠳᠤ ᠦᠪᠡᠷ ᠤᠨ ᠰᠠᠨᠠᠯ ᠱᠠᠭᠠᠷᠳᠠᠯᠭ᠎ᠠ ᠪᠠᠨ ᠲᠤᠷᠠᠳᠤᠭᠰᠠᠨ ᠪᠠᠶᠢᠨ᠎ᠠ᠃ ᠲᠤᠬᠠᠶᠢᠯᠠᠪᠠᠯ᠂ | ᠨᠢᠭᠡ ᠳᠤ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠬᠤ ᠭᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ | ᠨᠠᠮ ᠳᠤ ᠣᠷᠣᠬᠤ ᠪᠠᠷ ᠪᠠᠷᠠᠬᠤ ᠦᠭᠡᠢ ᠨᠡᠩ ᠴᠤ ᠦᠵᠡᠯ ᠰᠠᠨᠠᠭᠠᠨ ᠤ ᠲᠠᠯ᠎ᠠ ᠪᠠᠷ ᠨᠠᠮ ᠳᠤ ᠣᠷᠣᠵᠤ᠂ ᠡᠪ ᠬᠠᠮᠲᠤ | ᠶᠣᠰᠣ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠡᠷᠡᠰ | ᠪᠠᠲᠤ ᠢᠲᠡᠭᠡᠯ ᠪᠢᠰᠢᠷᠡᠯ ᠪᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠵᠡᠯ | ᠰᠠᠨᠠᠭ᠎ᠠ ᠲᠠᠢ ᠪᠠᠶᠢᠵᠤ᠂ ᠡᠳᠦᠷ ᠲᠤᠲᠤᠮ ᠤᠨ ᠠᠵᠢᠯ ᠰᠤᠷᠤᠯᠴᠠᠯᠭ᠎ᠠ ᠶᠢᠨ ᠳᠤᠮᠳᠠ ᠬᠤᠰᠢᠭᠤᠴᠢ ᠵᠢᠱᠢᠶᠡᠴᠢ ᠶᠢᠨ | ᠦᠢᠯᠡᠳᠦᠯ ᠦᠵᠡᠭᠦᠯᠬᠦ ᠤᠬᠠᠮᠰᠠᠷ ᠲᠠᠢ ᠪᠠᠶᠢᠬᠤ ᠬᠡᠷᠡᠭᠲᠡᠶ᠃ ᠬᠤᠶᠠᠷ ᠲᠤ ᠤᠨᠤᠯ ᠤᠨ ᠰᠤᠷᠤᠯᠴᠠᠯᠭ᠎ᠠ ᠶᠢ | ᠬᠦᠨᠵᠡᠬᠡᠶᠢᠷᠡᠬᠦᠯᠬᠦ ᠭᠡᠷᠡᠭᠳᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠵᠢᠷᠭᠤᠭᠠᠨ ᠦᠬᠦᠯᠡᠪᠦᠷᠢ | ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠶᠢᠯᠠᠭᠠᠨ᠂ ᠰᠤᠷᠤᠯᠴᠠᠯᠭ᠎ᠠ ᠶᠢ ᠦᠰᠦᠨ | ᠪᠤᠶᠢᠵᠢᠬᠤ ᠵᠠᠮ ᠳᠡᠭᠡᠷᠡᠬᠢ ᠰᠠᠭᠤᠷᠢ ᠪᠠ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠤᠨᠤᠯ ᠢ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠭᠤᠷᠪᠠ ᠳᠤ ᠵᠢᠱᠢᠶᠡᠴᠢ ᠳᠠᠭᠤᠷᠢᠶᠠᠯ | ᠪᠣᠯᠬᠤ ᠪᠠᠷ ᠴᠢᠷᠮᠠᠶᠢᠬᠤ ᠬᠡᠷᠡᠭᠲᠡᠶ᠃ ᠠᠬᠠᠮᠠᠳ ᠦᠶ᠎ᠡ ᠶᠢᠨ ᠬᠢᠨ ᠤ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠣᠷᠢᠭ | ᠰᠠᠨᠠᠭ᠎ᠠ ᠶᠢ ᠪᠠᠳᠠᠷᠠᠭᠤᠯᠤᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠭᠡᠰᠢᠭᠦᠨ ᠤ | ᠪᠠᠷᠢᠮᠵᠢᠶ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠨ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ | ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠨᠠᠮ ᠤᠨ ᠡᠯ᠎ᠡ ᠲᠦᠷᠦᠯ ᠤᠨ ᠰᠠᠬᠢᠯᠭ᠎ᠠ ᠪᠠᠳᠤ ᠲᠦᠷᠢᠮ ᠲᠤᠭᠳᠠᠭᠠᠯ ᠢ | ᠵᠢᠷᠤᠮᠯᠠᠬᠤ ᠬᠡᠷᠡᠭᠲᠡᠢ ᠭᠡᠵᠦ ᠱᠠᠭᠠᠷᠳᠠᠪᠠ᠃ |