︽ᠬᠠᠷᠰᠢ ᠰᠠᠭᠠᠳ ᠦᠭᠡᠢ︾ ᠦᠢᠯᠡᠴᠢᠯᠡᠭᠡ᠂ ᠬᠠᠯᠠᠮᠵᠢ ᠬᠠᠶᠢᠷ᠎ᠠ ᠶᠢᠨ ᠲᠠᠮᠵᠢᠭᠤᠯᠭ᠎ᠠ
ᠨᠡᠶᠢᠲᠡᠯᠡᠭᠰᠡᠨ ᠴᠠᠭ᠄
2024/11/14
   ᠤᠶᠢᠷ᠎ᠠ ᠳᠤ᠂ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ  ᠎ ᠨᠢ ᠠᠰᠠᠭᠤᠨ ᠯᠠᠪᠯᠠᠬᠤ ᠲᠤᠭᠤᠷᠢᠭ ᠲᠠᠭᠠᠨ ᠲᠦᠯᠡᠢ ᠶᠠᠪᠠ ᠬᠦᠮᠦᠰ ᠲᠤ ᠵᠤᠷᠢᠭᠤᠯᠤᠭᠰᠠᠨ ︽ᠬᠠᠶᠢᠷ᠎ᠠ ᠶᠢᠨ ᠳᠠᠭᠤᠨ︾ ᠬᠡᠮᠡᠬᠦ  ᠣᠶᠤᠨᠴᠢ  ᠲᠦᠬᠦᠭᠡᠷᠦᠮᠵᠢ ᠶᠢ ᠨᠡᠮᠡᠵᠦ ᠲᠤᠬᠢᠷᠠᠭᠤᠯᠤᠭᠠᠳ᠂ ᠵᠡᠮᠳᠡᠭᠴᠤᠳ ᠢ ᠬᠠᠪᠰᠤᠷᠤᠨ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠭᠠᠶᠢᠯᠢ ᠶᠢᠨ ᠶᠠᠪᠤᠳᠠᠯ᠂  ᠦᠨᠡᠮᠯᠡᠯ ᠲᠡᠮᠳᠡᠭ ᠤᠨ ᠬᠠᠮᠢᠶᠠᠳᠠᠢ ᠲᠤᠬᠠᠶᠢᠯᠠᠭᠰᠠᠨ ᠠᠵᠢᠯ ᠤᠳ ᠢ ᠭᠦᠢᠴᠡᠳᠬᠡᠵᠦ ᠪᠠᠶᠢᠨ᠎ᠠ᠃ ᠵᠡᠮᠳᠡᠭ ᠬᠦᠮᠦᠰ ᠦᠢᠯᠡᠴᠢᠯᠡᠭᠡᠨ ᠤ ᠲᠢᠩᠬᠢᠮ ᠳᠤ ᠢᠷᠡᠵᠦ ᠠᠵᠢᠯ ᠶᠠᠪᠤᠳᠠᠯ ᠬᠦᠢᠴᠡᠳᠭᠡᠬᠦ ᠳᠤ᠂ ᠠᠰᠠᠭᠤᠨ ᠯᠠᠪᠯᠠᠬᠤ ᠲᠠᠪᠴᠠᠩ ᠤᠨ ᠠᠵᠢᠯᠲᠠᠨ ᠲᠡᠯᠬᠡᠴᠡᠨ ᠲᠡᠭᠡᠷ᠎ᠡ ︽ᠨᠡᠪᠲᠡᠷᠡᠬᠦ︾ ᠳᠠᠷᠤᠪᠴᠢ ᠶᠢ ᠲᠠᠷᠤᠵᠤ ︽ᠭᠠᠷ ᠬᠡᠯᠡᠨ︾᠎ ᠤ ᠦᠢᠯᠡᠴᠢᠯᠡᠭᠡ ᠶᠢ ᠵᠠᠯᠭᠠᠵᠤ ᠦᠭᠬᠦᠨ᠎ᠡ᠃  ᠲᠦᠭᠦᠭᠡᠷᠦᠮᠵᠢ ᠶᠢᠨ ᠨᠦᠬᠦᠬᠡ ᠲᠠᠯ᠎ᠠ ᠠᠴᠠ ᠲᠤᠰᠬᠠᠢ ᠮᠡᠷᠭᠡᠵᠢᠯ ᠤᠨ ︽ᠭᠠᠷ ᠬᠡᠯᠡᠨ︾᠎ ᠤ ᠪᠠᠭᠰᠢ ᠠᠴᠠ ᠵᠡᠮᠳᠡᠭᠴᠤᠳ ᠲᠤ ᠤᠷᠴᠢᠭᠤᠯᠭ᠎ᠠ ᠶᠢᠨ ᠠᠵᠢᠯ  ᠎ ᠢ ᠬᠦᠢᠴᠡᠳᠭᠡᠨ ᠦᠭᠴᠦ᠂  ᠵᠡᠮᠳᠡᠭᠴᠤᠳ ᠪᠠ ᠠᠵᠢᠯᠳᠠᠳ ᠤᠨ ᠬᠤᠭᠤᠷᠤᠨᠳᠤ ᠬᠠᠷᠰᠢ ᠰᠠᠭᠠᠳ ᠦᠭᠡᠢ ᠦᠬᠡ ᠬᠡᠯᠡᠨ ᠤ ᠨᠡᠪᠳᠡᠷᠡᠯᠬᠡ ᠬᠠᠩᠭᠠᠬᠤ ᠪᠤᠯᠤᠨ᠎ᠠ᠃  ᠡᠨᠡ ᠎ ᠨᠢ ᠠᠵᠢᠯ ᠶᠠᠪᠤᠳᠠᠯ ᠭᠦᠢᠴᠡᠳᠭᠡᠬᠦ ᠪᠠᠷ ᠢᠷᠡᠭᠰᠡᠨ ᠵᠡᠮᠳᠡᠭ ᠬᠦᠮᠦᠰ ᠲᠤ ᠶᠡᠬᠡᠬᠡᠨ ᠲᠦᠬᠦᠮ ᠦᠵᠡᠬᠦᠯᠵᠦ᠂  ᠦᠨᠡᠨᠬᠦ  ︽ᠬᠠᠷᠰᠢ ᠰᠠᠭᠠᠳ ᠦᠭᠡᠢ︾ ᠦᠢᠯᠡᠴᠢᠯᠡᠭᠡ ᠪᠠᠷ ᠬᠠᠶᠢᠷ᠎ᠠ ᠬᠠᠯᠠᠮᠵᠢ ᠶᠢ ᠢᠯᠡᠷᠡᠬᠦᠯᠦᠭᠰᠡᠨ ᠪᠠᠶᠢᠨ᠎ᠠ᠃ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠡᠶᠢᠨᠬᠦ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠰᠢ ᠰᠠᠭᠠᠳ ᠥᠬᠡᠶ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂  ᠤᠯᠠᠨ ᠲᠦᠮᠡᠨ ᠳᠤ ᠨᠡᠩ ᠲᠦᠳᠡ᠂ ᠨᠠᠩ ᠲᠡᠬᠦᠯᠳᠡᠷ᠂ ᠨᠡᠩ ᠬᠠᠯᠠᠭᠤᠮᠰᠤᠭ᠂ ᠨᠡᠩ ᠰᠢᠭᠤᠳ ᠵᠠᠰᠠᠭ ᠤᠨ ᠶᠠᠪᠤᠳᠠᠯ ᠤᠨ ᠦᠢᠯᠡᠴᠢᠯᠡᠭᠡ  ᠎ ᠶᠢ ᠬᠠᠩᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠬᠠᠶᠢᠷ᠎ᠠ ᠰᠡᠳᠬᠢᠯᠭᠡ ᠲᠠᠢ ᠶᠠᠪᠤᠭᠳᠠᠭᠤᠯᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号