ᠰᠢᠩ ᠹᠦ᠋ ᠰᠢᠶᠠᠩ ᠤᠨ ᠶᠦᠩ ᠶᠤᠸᠠᠢ ᠲᠤᠰᠬᠤᠨ ᠪᠠᠷᠢᠮᠵᠢᠶᠠᠳᠤ ᠠᠮᠤ ᠪᠤᠲᠠᠭᠠᠨ ᠤ ᠬᠦᠮᠦᠷᠭᠡ ᠪᠠ ᠭᠤᠯᠢᠷ ᠤᠨ ᠦᠢᠯᠡᠳᠪᠤᠷᠢ ᠲᠠᠢ ᠪᠤᠯᠤᠯ᠎ᠠ
ᠨᠡᠶᠢᠲᠡᠯᠡᠭᠰᠡᠨ ᠴᠠᠭ᠄
2024/11/14
 ᠶᠦᠩ ᠶᠤᠸᠠᠢ ᠲᠤᠰᠬᠤᠨ ᠨᠢ ᠲᠠᠶᠢᠹᠤᠰᠧ ᠬᠤᠰᠢᠭᠤᠨ ᠤ ᠪᠠᠷᠠᠭᠤᠨ ᠡᠮᠦᠨ᠎ᠡ ᠪᠡᠶ᠎ᠡ᠂ ᠰᠢᠩ ᠹᠦ᠋ ᠰᠢᠶᠠᠩ ᠤᠨ ᠎ ᠢᠶᠠᠨ ᠬᠤᠶᠢᠳᠤ ᠭᠡᠰᠡᠭ ᠲᠤ ᠪᠠᠶᠢᠷᠢᠯᠠᠵᠤ᠂ ᠾᠧᠪᠸᠢ ᠮᠤᠵᠢ ᠶᠢᠨ ᠺᠠᠩ ᠪᠤᠤ ᠰᠢᠶᠠᠨ ᠲᠠᠢ ᠬᠦᠷᠰᠢᠯᠡᠨ᠂  ︽207︾ ᠤᠯᠤᠰ ᠤᠨ ᠵᠠᠮ ᠠᠴᠠ ᠤᠶᠢᠷᠠᠬᠠᠨ ᠪᠦᠭᠡᠳ  ︽X516︾ ᠪᠤᠤ ᠴᠢ ᠵᠠᠮ ᠲᠤᠰ ᠲᠤᠰᠬᠤᠨ ᠢᠶᠠᠷ ᠦᠩᠭᠡᠷᠡᠭᠡᠳ  ᠵᠠᠮ ᠬᠠᠷᠢᠯᠴᠠᠭ᠎ᠠ ᠳᠥᠭᠦᠮ᠂ ᠠᠭᠤᠷ ᠠᠮᠢᠰᠬᠤᠯ ᠨᠢ ᠲᠠᠭᠠᠯᠠᠮᠵᠢᠲᠠᠢ  ᠪᠠᠶᠢᠵᠤ᠂ ᠲᠠᠷᠢᠮᠠᠯ ᠤᠨ ᠦᠢᠯᠡᠰ ᠨᠢ ᠬᠥᠭᠵᠢᠭᠰᠡᠨ ᠪᠠᠶᠢᠳᠠᠭ᠃  ᠰᠢᠩ ᠹᠦ᠋ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ  ᠲᠡᠭᠡᠳᠦ ᠱᠠᠳᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠲᠤᠰ ᠲᠤᠰᠬᠤᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦ ᠶᠢᠨ ᠪᠤᠳᠤᠯᠭ᠎ᠠ ᠳᠤ ᠲᠦᠰᠢᠭᠯᠡᠨ᠂ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ 2024 ᠣᠨ ᠳᠤ ᠪᠠᠷᠢᠮᠵᠢᠶᠠᠳᠤ ᠭᠤᠯᠢᠷ ᠤᠨ ᠦᠢᠯᠡᠳᠪᠦᠷᠢ ᠪᠠ ᠠᠮᠤ ᠪᠤᠳᠠᠭᠠᠨ ᠤ ᠬᠥᠮᠥᠷᠭᠡ ᠶᠢ ᠲᠤᠰᠪᠤᠷᠢ ᠪᠠᠶᠢᠭᠤᠯᠤᠭᠰᠠᠨ ᠪᠠᠶᠢᠨ᠎ᠠ᠃    ᠶᠦᠩ ᠶᠤᠸᠠᠢ ᠲᠣᠰᠬᠤᠨ ᠤ ᠭᠤᠯᠢᠷ ᠤᠨ ᠦᠢᠯᠡᠳᠪᠦᠷᠢ ᠨᠢ ᠪᠦᠷᠢᠨ ᠲᠡᠭᠦᠯᠳᠡᠷ ᠦᠢᠯᠡᠳᠪᠦᠷᠢᠯᠡᠯ ᠤᠨ ᠴᠢᠳᠠᠮᠵᠢ ᠎ ᠲᠠᠢ᠂ ᠴᠣ ᠰᠢᠨ᠎ᠡ ᠦᠢᠯᠡᠳᠪᠦᠷᠢᠯᠡᠯ ᠤᠨ ᠲᠥᠬᠦᠭᠡᠷᠦᠮᠵᠢ ᠲᠠᠢ ᠪᠠᠶᠢᠵᠤ᠂ 5 ᠵᠢᠩ ᠪᠠ 10 ᠵᠢᠩ ᠤᠨ ᠤᠭᠤᠲᠠ ᠲᠠᠢ ᠭᠤᠯᠢᠷ ᠦᠢᠯᠡᠳᠪᠦᠷᠢᠯᠡᠵᠦ ᠪᠠᠶᠢᠳᠠᠭ᠃ ᠠᠮᠤ ᠪᠤᠳᠠᠭᠠᠨ ᠤ ᠬᠥᠮᠥᠷᠭᠡ ᠨᠢ ᠴᠤ ᠲᠥᠬᠦᠭᠡᠷᠦᠮᠵᠢ ᠪᠦᠷᠢᠨ ᠪᠠᠶᠢᠵᠤ᠂ ᠳᠤᠯᠠᠭᠠᠨ ᠢ ᠡᠵᠡᠮᠳᠡᠬᠦ᠂ ᠴᠢᠭᠢᠭ ᠢ ᠡᠵᠡᠮᠳᠡᠬᠦ᠂ ᠦᠶᠡᠷ ᠢ ᠵᠠᠯᠠᠬᠤ ᠴᠢᠳᠠᠮᠵᠢ ᠶᠢ ᠪᠦᠷᠢᠯᠳᠦᠭᠦᠯᠵᠦ᠂ 5000 ᠲᠣᠨ ᠠᠮᠤ ᠪᠤᠳᠠᠭ᠎ᠠ ᠬᠠᠳᠠᠭᠠᠯᠠᠵᠤ ᠲᠡᠶᠢᠯᠳᠡᠭ᠃ ᠭᠤᠯᠢᠷ ᠤᠨ ᠦᠢᠯᠡᠳᠪᠦᠷᠢ ᠪᠠ ᠠᠮᠤ ᠪᠤᠳᠠᠭᠠᠨ ᠤ ᠬᠥᠮᠥᠷᠭᠡ ᠨᠢ  ᠲᠣᠰᠬᠤᠨ ᠤ ᠬᠠᠮᠳᠤ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ  ᠳ᠋ᠤ᠋‌ᠥᠮᠴᠢᠯᠡᠭᠳᠡᠵᠦ᠂ ᠣᠲᠣ ᠲᠦᠷᠢᠶᠡᠰᠦᠯᠡᠨ ᠡᠵᠡᠩᠨᠡᠬᠦ ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠲᠤ ᠬᠠᠨᠳᠤᠵᠤ᠂ ᠡᠬᠦᠪᠡᠷ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠤᠷᠤᠯᠭ᠎ᠠ ᠶᠢ ᠨᠡᠮᠡᠭᠳᠡᠬᠦᠯᠦᠨ᠂ ᠡᠷᠬᠢᠨ ᠲᠣᠭᠤᠷᠢᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢ ᠲᠠᠶᠢᠴᠢᠯᠠᠵᠤ ᠪᠤᠢ᠃ ᠡᠨᠡ  ᠎ ᠨᠢ ᠲᠣᠰᠬᠤᠨ ᠤ ᠠᠷᠠᠳ ᠪᠠ ᠤᠶᠢᠷ᠎ᠠ ᠬᠠᠪᠢ ᠶᠢᠨ ᠠᠶᠢᠯ ᠲᠣᠰᠬᠤᠨ ᠤ ᠬᠥᠳᠡᠯᠮᠦᠷᠢ ᠬᠦᠴᠦᠨ ᠳᠤ ᠠᠵᠢᠯ ᠣᠯᠭᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠎ ᠶᠢᠨ ᠨᠡᠮᠡᠭᠳᠡᠯ ᠢ ᠠᠬᠢᠭᠤᠯᠬᠤ ᠶᠢᠨ ᠬᠠᠮᠳᠤ᠂ ᠲᠠᠷᠢᠮᠠᠯ ᠤᠨ ᠲᠣᠮᠣ ᠡᠷᠦᠬᠡ ᠶᠢ ᠬᠠᠪᠰᠤᠷᠤᠨ ᠠᠮᠤ ᠪᠤᠳᠠᠭ᠎ᠠ ᠬᠠᠳᠠᠭᠠᠯᠠᠬᠤ ᠪᠠ ᠦᠢᠯᠡᠳᠪᠦᠷᠢᠯᠡᠬᠦ ᠠᠰᠠᠭᠤᠳᠠᠯ ᠢ ᠨᠢ ᠰᠢᠢᠳᠪᠦᠷᠢᠯᠡᠵᠡᠢ᠃ ᠡᠭᠦᠨ ᠤ ᠬᠠᠮᠲᠤ᠂  ᠳᠠᠷᠢᠬᠤ᠂ ᠦᠢᠯᠡᠳᠪᠦᠷᠢᠯᠡᠬᠦ᠂ ᠡᠳ᠋ᠰᠢᠭᠦᠯᠬᠦ᠂ ᠬᠠᠳᠠᠭᠠᠯᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠨᠠᠷᠠᠲᠤ ᠲᠡᠮᠳᠡᠭᠵᠢᠯᠲᠡ᠂ ᠠᠵᠤ ᠦᠶᠢᠯᠡᠰᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠨᠡᠮᠡᠭᠳᠡᠬᠦᠯᠬᠦ ᠳᠤ ᠨᠥᠬᠦᠴᠡᠯ ᠡᠬᠦᠳᠦᠭᠰᠡᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号