ᠰᠢᠩ ᠹᠦ᠋ ᠰᠢᠶᠠᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/11/14
 11 ᠰᠠᠷ᠎ᠠ ᠶᠢᠨ 13 ᠤ ᠡᠳᠦᠷ᠂  ᠰᠢᠩ ᠹᠦ᠋ ᠰᠢᠶᠠᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠨᠠᠮ ᠤᠳᠤᠷᠢᠳᠬᠤ ᠪᠠᠭ ᠤᠨ  ᠭᠡᠰᠢᠬᠦᠳ᠂ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷᠳᠡᠭᠡᠨ ᠤ ᠠᠵᠢᠯᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ  ᠭᠡᠰᠢᠬᠦᠳ᠂  ᠲᠣᠰᠬᠤᠨ ᠤ ᠱᠦᠵᠢ ︵ᠡᠷᠬᠢᠯᠡᠭᠴᠢ︶᠂ ᠳᠡᠳ᠋ ᠱᠦᠵᠢ ︵ᠳᠡᠳ᠋ ᠡᠷᠬᠢᠯᠡᠭᠴᠢ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠲᠠᠨ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ︽ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠭᠤᠤᠯᠳᠠᠯᠭ᠎ᠠ ᠲᠠᠢ ᠠᠵᠢᠯ ᠤᠨ ᠲᠤᠬᠠᠶ ᠮᠡᠳᠡᠭᠳᠡᠯ︾᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠶᠢᠹᠤᠰᠧ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠰᠠᠭᠤᠳᠠᠯ ᠤᠨ ᠨᠠᠷᠢᠨ ᠲᠠᠩᠰᠠ︾ ᠶᠢ ᠨᠡᠶᠢᠳᠡᠯᠡᠨ ᠮᠡᠳᠡᠭᠳᠡᠵᠦ᠂  ᠰᠢᠩ ᠹᠦ᠋ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠦᠭᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠳᠡᠳ᠋ ᠳᠠᠷᠤᠭ᠎ᠠ ᠽᠦᠩ ᠵᠢᠶᠠᠨ ᠰᠦᠸᠧ ᠶᠢ ᠤᠷᠢᠵᠤ ᠲᠤᠬᠠᠶᠢᠯᠠᠭᠰᠠᠨ ᠠᠵᠢᠯ ᠤᠨ ᠬᠢᠴᠢᠶᠡᠯ ᠲᠠᠶᠢᠯᠤᠮᠵᠢ ᠬᠢᠯᠬᠡᠵᠡᠢ᠃ ᠨᠠᠮ ᠤᠨ ᠬᠤᠷᠢᠶᠠᠨ ᠤ ᠱᠦᠵᠢ ᠰᠦᠩ ᠹᠧᠩ ᠴᠢᠬᠤᠯᠠᠴᠢᠯᠠᠬᠤ ᠳᠠᠭᠠᠨ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠠᠵᠢᠯ ᠡᠬᠦᠷᠭᠡ ᠨᠢᠭᠡᠪᠦᠷᠢ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂  ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠨ᠂ ᠠᠯᠢᠪᠠ ᠠᠰᠠᠭᠤᠳᠠᠯ ᠢ ᠢᠯᠭᠠᠷᠠᠭᠤᠯᠤᠨ ᠭᠠᠷᠭᠠᠬᠤ ᠶᠢᠨ ᠬᠠᠮᠲᠤ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠳᠠᠯᠳᠠ ᠭᠡᠮ ᠦᠯᠡᠳᠡᠭᠡᠬᠦ ᠦᠭᠡᠢ ᠶᠢ ᠪᠠᠲᠤᠯᠠᠬᠤ ᠬᠡᠷᠡᠭᠲᠡᠢ᠃ ᠭᠤᠷᠪᠠ ᠳᠤ ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠪᠠᠶᠢᠩᠭᠤᠵᠢᠭᠰᠠᠨ ᠪᠠᠶᠢᠴᠠᠭᠠᠯᠳᠠ ᠶᠢᠨ ᠲᠣᠭᠲᠠᠴᠠ ᠶᠢ  ᠲᠡᠬᠦᠯᠳᠡᠷᠵᠢᠬᠦᠯᠦᠨ᠂ ᠲᠦᠭᠰᠢᠭᠦᠷᠢ ᠠᠴᠠ ᠭᠠᠷᠤᠭᠠᠳᠤᠢ ᠬᠢᠨᠠᠨ ᠬᠡᠮᠵᠢᠬᠦ ᠨᠢᠭᠤᠷᠯᠠᠯ ᠳᠤ ᠬᠠᠨᠳᠤᠯᠭᠠᠳᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ  ᠂ ᠲᠦᠭᠰᠢᠭᠦᠷᠢ ᠠᠴᠠ ᠭᠠᠷᠤᠭᠰᠠᠨ ᠨᠢᠭᠤᠷᠯᠠᠯ ᠳᠤ ︽ᠡᠷᠬᠢᠨ ᠬᠠᠷᠠᠬᠤ︾ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠴᠠᠭ ᠲᠤᠬᠠᠶ ᠳᠤᠨᠢ ᠠᠰᠠᠭᠤᠳᠠᠯ ᠢ ᠢᠯᠡᠷᠡᠭᠦᠯᠵᠦ ᠠᠰᠠᠭᠤᠳᠠᠯ ᠢ ᠰᠢᠢᠳᠪᠦᠷᠢᠯᠡᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠵᠤ᠂  ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠲᠡᠭᠡᠭᠰᠢᠯᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠳᠤ  ᠪᠠᠬᠢ ᠰᠠᠭᠤᠷᠢ ᠶᠢ ᠲᠠᠯᠪᠢᠬᠤ ᠬᠡᠷᠡᠭᠲᠡᠶ ᠬᠡᠪᠡ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号