ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠤᠯᠠᠮ ᠴᠢᠩᠭᠠᠳᠬᠠᠵᠤ᠂ ᠡᠶ᠎ᠡ ᠵᠣᠬᠢᠴᠠᠩᠭᠤᠶ ᠠᠮᠤᠷ | ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ 11 ᠰᠠᠷ᠎ᠠ ᠶᠢᠨ 13 ᠤ | ᠡᠳᠦᠷ ᠯᠦᠸᠧ ᠲᠦᠸᠧ ᠱᠠᠨ ᠪᠠᠯᠭᠠᠰᠤ ᠨᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠡᠤ | ᠲᠤᠤ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ᠂ | ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠵᠠᠬᠢᠳᠠᠯ ᠰᠤᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ᠂ ᠤᠶᠤᠨ ᠰᠠᠨᠠᠭᠠᠨ ᠤ ᠬᠠᠷᠰᠢ | ᠰᠠᠭᠠᠳ ᠲᠠᠢ ᠬᠥᠮᠦᠰ ᠢ ᠬᠠᠮᠢᠶᠠᠷᠤᠨ ᠡᠵᠡᠮᠳᠡᠬᠦ ᠵᠡᠷᠭᠡ ᠠᠵᠢᠯ ᠳᠤ ᠪᠠᠶᠢᠷᠢᠯᠠᠭᠤᠯᠤᠯᠳᠠ ᠬᠢᠵᠡᠢ᠃ ᠬᠤᠷᠠᠯ ᠠᠴᠠ᠂ | ᠨᠢᠭᠡ ᠳᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠷᠢᠮᠵᠢᠵᠦ ᠪᠠᠶᠢᠩᠭᠤᠵᠢᠬᠤ ᠶᠢ ᠠᠬᠢᠭᠤᠯᠤᠨ᠂ | ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠷᠠᠳ ᠤᠯᠠᠨ ᠤ ᠬᠠᠤᠯᠢ | ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠦᠨ᠂ ᠠᠮᠢᠨ ᠬᠡᠷᠡᠭ ᠭᠠᠷᠬᠤ ᠶᠢ ᠡᠷᠡᠰ ᠬᠤᠷᠢᠭᠯᠠᠬᠤ᠃ ᠬᠤᠶᠠᠷ ᠲᠤ | ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠬᠦᠯᠵᠢᠯᠡᠬᠦᠯᠵᠦ᠂ ᠣᠯᠠᠨ ᠲᠦᠮᠡᠨ ᠢ | ᠵᠢᠯᠣᠭᠤᠳᠴᠤ ᠪᠠᠶᠢᠭᠠᠳ ᠬᠠᠤᠯᠢ ᠲᠦᠷᠢᠮ ᠢ ᠰᠠᠬᠢᠭᠤᠯᠤᠨ᠂ ᠦᠵᠡᠯ ᠤᠬᠠᠮᠰᠠᠷ ᠢ ᠨᠢ ᠨᠡᠮᠡᠭᠳᠡᠬᠦᠯᠵᠦ᠂ ᠭᠠᠵᠢᠭᠤ | ᠨᠣᠮᠯᠠᠯ ᠢ ᠬᠤᠷᠢᠭᠯᠠᠨ᠂ ᠰᠢᠨᠵᠢᠯᠡᠬᠦ ᠤᠬᠠᠭᠠᠨ ᠢ ᠡᠷᠬᠢᠮᠯᠡᠵᠦ᠂ ᠮᠤᠩᠬᠠᠭ ᠪᠠᠯᠠᠶ ᠶᠢ ᠴᠡᠭᠡᠷᠯᠡᠬᠦ ᠬᠡᠷᠡᠭᠲᠡᠶ᠃ | ᠭᠤᠷᠪᠠ ᠳᠤ ᠭᠡᠷ ᠪᠦᠯᠢ ᠶᠢᠨ ᠬᠠᠮᠢᠶᠠᠳᠠᠢ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠥᠷᠨᠢᠭᠦᠯᠵᠦ᠂ ᠪᠦᠬᠦ ᠲᠠᠯ᠎ᠠ ᠶᠢᠨ ᠤᠬᠠᠭᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠬᠠᠤᠯᠢ ᠲᠦᠷᠢᠮ ᠤᠨ | ᠮᠡᠳᠡᠯᠭᠡ ᠶᠢ ᠪᠦᠬᠦ ᠲᠠᠯ᠎ᠠ ᠪᠠᠷ ᠲᠦᠬᠡᠮᠡᠯᠵᠢᠬᠦᠯᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ |