11 ᠰᠠᠷ᠎ᠠ ᠶᠢᠨ 15 ᠤ ᠡᠳᠦᠷ᠂ ︽ᠪᠢᠴᠢᠬᠠᠨ ᠲᠦᠷᠭᠡᠨ ᠠᠪᠤᠷᠠᠭᠴᠢ︾ ᠶᠢᠨ ᠠᠵᠢᠯᠯᠠᠭ᠎ᠠ ᠲᠠᠶᠢᠹᠤᠰᠧ | ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠺᠠᠩ ᠲᠦ᠋ ᠴᠠᠬᠢᠯᠭᠠᠨ ᠱᠠᠲᠤ ᠶᠢᠨ ᠬᠢᠵᠠᠭᠠᠷᠲᠤ | ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠵᠢᠷᠦᠬᠡ ᠠᠭᠤᠰᠬᠢᠨ ᠤ ᠪᠠᠴᠢᠮ ᠠᠪᠤᠷᠠᠯᠳᠠ ᠬᠢᠬᠦ᠂ | ᠤᠰᠤᠨ ᠳᠤ ᠤᠨᠠᠭᠰᠠᠳ ᠪᠤᠶᠤ ᠭᠠᠯ ᠳᠤ ᠰᠢᠳᠠᠭᠰᠠᠳ ᠢ ᠠᠪᠤᠷᠬᠠᠤ᠂ ᠭᠠᠯ ᠤᠨ ᠠᠶᠤᠯ ᠢ ᠮᠡᠳᠡᠭᠦᠯᠬᠦ᠂ ᠠᠶᠤᠯ | ᠠᠴᠠ ᠵᠠᠶᠢᠯᠠᠵᠤ ᠠᠮᠢ ᠵᠢᠭᠤᠲᠠᠬᠤ᠂ ᠴᠠᠬᠢᠯᠭᠠᠨ ᠱᠠᠲᠤ ᠶᠢ ᠠᠶᠤᠯᠬᠦᠢ ᠬᠡᠷᠡᠭᠯᠡᠬᠦ ᠵᠡᠷᠭᠡ ᠶᠡᠷᠦ ᠶᠢᠨ ᠮᠡᠳᠡᠯᠭᠡ ᠶᠢ | ᠰᠤᠷᠤᠭᠴᠢᠳ ᠲᠤ ᠨᠠᠷᠢᠨ ᠲᠤᠳᠤᠷᠬᠠᠢ ᠲᠠᠶᠢᠯᠪᠤᠷᠢᠯᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠶᠢ ᠬᠤᠰᠢᠭᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ | ᠰᠢᠨ᠎ᠡ ᠨᠡᠶᠢᠬᠡᠮ ᠤᠨ ᠲᠠᠪᠬᠤᠷᠭ᠎ᠠ ᠶᠢᠨ ᠬᠦᠮᠦᠰ ᠤᠨ ᠬᠤᠯᠪᠣᠭᠠᠲᠤ ᠬᠤᠷᠠᠯ᠂ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠠᠮᠳᠤᠷᠠᠨ ᠡᠷᠬᠢᠯᠡᠵᠡᠢ᠃ | ᠠᠵᠢᠯᠯᠠᠭ᠎ᠠ ᠪᠠᠷ ᠲᠠᠮᠵᠢᠭᠠᠳ ᠦᠷᠭᠡᠨ ᠤᠯᠠᠨ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠤᠯᠠᠮ | ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ︽ᠪᠢᠴᠢᠬᠠᠨ | ᠲᠦᠷᠭᠡᠨ ᠠᠪᠤᠷᠠᠭᠴᠢ︾ ᠮᠡᠳᠦ ᠶᠢ ᠨᠡᠶᠢᠲᠡ ᠳᠤ ᠲᠤᠰᠠᠳᠠᠢ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠠᠮᠢ | ᠨᠠᠰᠤᠨ ᠤ ᠬᠥᠮᠦᠵᠢᠯ ᠤᠨ ︽ᠠᠪᠤᠷᠠᠯᠳᠠ︾ ᠪᠠᠷ ᠭᠤᠤᠯ ᠰᠡᠳᠦᠪ ᠪᠤᠯᠭᠠᠭᠰᠠᠨ ᠰᠢᠷᠢᠰ ᠠᠵᠢᠯᠯᠠᠭ᠎ᠠ ᠶᠢ ᠢᠳᠡᠪᠬᠢᠳᠡᠢ | ᠦᠷᠨᠢᠬᠦᠯᠦᠨ᠂ ᠰᠢᠭᠤᠳ ᠨᠡᠪᠲᠡᠷᠡᠭᠦᠯᠭᠡ ᠦᠵᠡᠬᠦ ᠪᠤᠶᠤ ᠭᠤᠤᠯ ᠰᠡᠳᠦᠪᠲᠦ ᠠᠩᠭᠢ ᠶᠢᠨ ᠬᠤᠷᠠᠯ᠂ ᠠᠮᠤᠷ | ᠲᠦᠪᠰᠢᠨ ᠤ ᠬᠢᠴᠢᠶᠡᠯ ᠬᠥᠮᠦᠵᠢᠯ᠂ ᠲᠦᠷᠭᠡᠨ ᠠᠪᠤᠷᠠᠬᠤ ᠮᠡᠳᠡᠯᠭᠡ ᠶᠢᠨ ᠲᠠᠶᠢᠯᠤᠮᠵᠢ ᠪᠠ ᠴᠢᠳᠠᠪᠤᠷᠢ ᠶᠢᠨ | ᠪᠣᠯᠪᠠᠰᠤᠷᠠᠯ ᠬᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠤᠭᠴᠢᠳ ᠲᠤ ᠠᠮᠤᠷ ᠲᠦᠪᠰᠢᠨ ᠤ ᠴᠢᠬᠤᠯᠠ | ᠴᠢᠨᠠᠷ ᠢ ᠭᠦᠢᠴᠡᠳ ᠲᠠᠨᠢᠭᠤᠯᠵᠤ᠂ ᠵᠠᠯᠠᠭᠤᠴᠤᠳ ᠪᠠᠭᠠᠴᠤᠳ ᠤᠨ ᠠᠶᠤᠯ ᠠᠴᠠ ᠵᠠᠶᠢᠯᠠᠵᠤ ᠪᠠᠴᠢᠮ ᠪᠠᠶᠢᠳᠠᠯ ᠢ | ᠠᠷᠭᠠᠴᠠᠬᠤ ᠤᠬᠠᠮᠰᠠᠷ ᠪᠠ ᠴᠢᠳᠠᠪᠤᠷᠢ ᠶᠢ ᠤᠯᠠᠮ ᠲᠡᠭᠡᠭᠰᠢᠯᠡᠬᠦᠯᠬᠦ ᠪᠠᠷ ᠪᠠᠶᠢᠨ᠎ᠠ᠃ |