ᠥᠪᠡᠷᠲᠡᠭᠡᠨ ᠵᠠᠰᠠᠬᠤ ᠣᠷᠣᠨ ᠤ ᠠᠬᠠᠮᠠᠳ ᠺᠠᠳ᠋ᠷᠴᠤᠳ ᠤᠨ ᠲᠣᠪᠴᠢᠶᠠᠨ ᠤ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/11/18
  11 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶᠠᠨ ᠤ ᠳᠡᠳ᠋ ᠳᠠᠷᠤᠭ᠎ᠠ ᠵᠣᠣ ᠰᠢᠤᠸᠠᠢ ᠳ᠋ᠦᠩ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ︽ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠦᠨ ᠠᠬᠠᠮᠠᠳ ᠪᠤᠭᠤᠷᠤᠯᠴᠤᠳ ᠤᠨ ᠴᠢᠳᠠᠪᠤᠷᠢᠲᠠᠨ ᠤ ᠡᠩᠨᠡᠭᠡ ᠶᠢ ᠬᠦᠴᠦᠷᠭᠡᠭᠵᠢᠬᠦᠯᠦᠨ ᠪᠠᠶᠢᠭᠤᠯᠵᠤ ᠰᠠᠶᠢᠲᠤᠷ ᠬᠡᠷᠡᠭᠯᠡᠬᠦ︾ ᠭᠤᠣᠯ ᠰᠡᠳᠦᠪ ᠤᠨ ᠲᠣᠭᠤᠷᠢᠨ ᠳᠤ 2024 ᠣᠨ ᠤ ᠠᠬᠠᠮᠠᠳ ᠺᠠᠳ᠋ᠷᠴᠤᠳ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶᠠᠨ ᠤ ᠳᠠᠷᠤᠭ᠎ᠠ ᠰᠦᠨ ᠰᠢᠶᠣᠣ ᠶᠦᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠢ ᡁᠢ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ  ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ᠂ ᠰᠣᠶᠣᠯ ᠤᠨ ᠠᠰᠠᠷ ᠲᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ᠂ ᠠᠬᠠᠮᠠᠳ ᠺᠠᠳ᠋ᠷᠴᠤᠳ ᠤᠨ ᠬᠦᠳᠡᠯᠪᠦᠷᠢ ᠠᠵᠢᠯᠯᠠᠭᠠᠨ ᠤ ᠲᠥᠪ ᠵᠡᠷᠭᠡ ᠳᠤ ᠭᠦᠨᠵᠡᠭᠡᠶᠢᠷᠡᠵᠦ᠂ ᠠᠬᠠᠮᠠᠳ ᠺᠠᠳ᠋ᠷᠴᠤᠳ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠦᠢᠯᠡᠴᠢᠯᠡᠭᠡ  ᠪᠠᠳᠤᠯᠠᠭᠠᠨ ᠤ ᠠᠵᠢᠯ᠂ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ  ᠂ ᠬᠦᠳᠡᠯᠪᠦᠷᠢ ᠠᠵᠢᠯᠯᠠᠭᠠᠨ ᠤ ᠲᠠᠯᠠᠪᠤᠷ ᠤᠨ ᠪᠠᠶᠢᠭᠤᠯᠤᠯᠲᠠ ᠵᠡᠷᠭᠡ ᠶᠢ ᠨᠠᠷᠢᠨ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠠᠬᠠᠮᠠᠳ ᠺᠠᠳ᠋ᠷᠴᠤᠳ ᠤᠨ ᠠᠵᠢᠯ ᠢ ᠭᠦᠢᠴᠡᠳ ᠨᠤᠳᠠᠯᠠᠭᠰᠠᠨ ᠤ ᠬᠠᠮᠲᠤ  ᠂ ᠬᠠᠮᠢᠶ᠎ᠠ ᠪᠦᠬᠦᠢ ᠵᠢᠯᠤᠭᠤᠳᠬᠤ ᠰᠠᠨᠠᠯ ᠰᠠᠨᠠᠭᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠬᠠᠮᠠᠳ ᠺᠠᠳ᠋ᠷᠴᠤᠳ ᠤᠨ ᠠᠵᠢᠯ ᠤᠨ ᠰᠢᠰᠲ᠋ᠧᠮ ᠢ ᠦᠷᠬᠦᠯᠵᠢᠯᠡᠨ ᠲᠡᠭᠦᠯᠳᠡᠷᠵᠢᠭᠦᠯᠵᠦ᠂ ᠠᠬᠠᠮᠠᠳ ᠺᠠᠳ᠋ᠷᠴᠤᠳ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠭᠡᠷᠡᠭᠳᠡᠢ ᠬᠡᠵᠦ ᠴᠢᠬᠤᠯᠠᠴᠢᠯᠠᠪᠠ᠃ ᠡᠬᠦᠨ ᠤ ᠬᠠᠮᠳᠤ᠂ ᠠᠬᠠᠮᠠᠳ ᠺᠠᠳ᠋ᠷᠴᠤᠳ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂  ᠦᠪᠡᠷ ᠦᠪᠡᠷ ᠤᠨ ᠳᠠᠪᠠᠭᠤᠯᠢᠭ ᠢᠶᠠᠨ ᠪᠠᠳᠠᠷᠠᠭᠤᠯᠤᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠲᠡᠭᠡᠷ᠎ᠡ ᠦᠷᠬᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯᠠᠪᠠᠷ ᠪᠠᠶᠢᠭᠤᠯᠬᠤ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠠᠬᠠᠮᠠᠳ ᠺᠠᠳ᠋ᠷᠴᠤᠳ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号