11 ᠰᠠᠷ᠎ᠠ ᠶᠢᠨ 14 ᠤ ᠡᠳᠦᠷ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ᠪᠦᠬᠦ ᠬᠤᠰᠢᠭᠤᠨ ᠤ ︽ᠡᠮ ᠤᠨ ᠵᠦᠢᠯ᠂ ᠭᠤᠶᠤᠯᠠᠯ ᠤᠨ ᠡᠳ᠋᠂ ᠡᠮᠴᠢᠯᠡᠭᠡᠨ | ᠤ ᠭᠡᠷᠡᠭᠰᠡᠯ︾ ᠤᠨ ᠠᠵᠢᠯ ᠦᠢᠯᠡᠰ ᠡᠷᠬᠢᠯᠡᠭᠰᠡᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ | ᠡᠷᠬᠢᠯᠡᠵᠦ᠂ 300 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠡᠢ᠃ ᠪᠣᠯᠪᠠᠰᠤᠷᠠᠯ ᠲᠡᠭᠡᠷ᠎ᠡ᠂ ᠬᠠᠤᠯᠢ | ᠬᠡᠷᠡᠭᠵᠢᠭᠦᠯᠬᠦ ᠠᠵᠢᠯᠲᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ | ᠬᠠᠮᠢᠶᠠᠷᠤᠯᠲᠠ ᠶᠢᠨ ᠬᠠᠤᠯᠢ︾ ︽ᠡᠮ ᠤᠨ ᠵᠦᠢᠯ ᠤᠨ ᠡᠵᠡᠩᠨᠡᠯᠲᠡ ᠪᠠ ᠬᠡᠷᠡᠭᠯᠡᠯᠲᠡ ᠶᠢ ᠬᠢᠨᠠᠨ ᠬᠠᠮᠢᠶᠠᠷᠬᠤ ᠠᠷᠭ᠎ᠠ︾ | ︽ᠡᠮ ᠤᠨ ᠵᠦᠢᠯ ᠤᠨ ᠰᠦᠯᠵᠢᠶᠡᠨ ᠤ ᠪᠣᠷᠣᠯᠠᠭᠤᠯᠭ᠎ᠠ ᠶᠢ ᠬᠢᠨᠠᠨ ᠬᠠᠮᠢᠶᠠᠷᠬᠤ ᠠᠷᠭ᠎ᠠ︾ ︽ᠡᠮᠴᠢᠯᠡᠭᠡᠨ ᠤ | ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ︾ ︽ᠭᠤᠶᠤᠯᠠᠯ ᠤᠨ ᠡᠳ᠋ ᠶᠢ ᠬᠢᠨᠠᠨ | ᠪᠠᠶᠢᠴᠠᠭᠠᠬᠤ ᠲᠦᠷᠢᠮ︾ ᠵᠡᠷᠭᠡ ᠬᠠᠤᠯᠢ ᠲᠦᠷᠢᠮ ᠳᠤ ᠨᠠᠷᠢᠨ ᠲᠠᠶᠢᠯᠤᠮᠵᠢ ᠬᠢᠭᠰᠡᠨ ᠪᠦᠭᠡᠳ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠬᠠᠮᠢᠶ᠎ᠠ ᠪᠥᠬᠦᠶ ᠬᠡᠷᠡᠭ ᠤᠨ ᠵᠢᠱᠢᠶ᠎ᠡ ᠪᠠ ᠡᠳᠦᠷ ᠲᠤᠲᠤᠮ ᠤᠨ ᠪᠠᠶᠢᠴᠠᠭᠠᠯᠲᠠ ᠶᠢᠨ ᠳᠤᠮᠳᠠ | ᠢᠯᠡᠷᠡᠭᠦᠯᠦᠭᠰᠡᠨ ᠠᠰᠠᠭᠤᠳᠠᠯ ᠢ ᠬᠤᠪᠢᠶᠠᠯᠴᠠᠵᠤ᠂ ᠡᠵᠡᠩᠨᠡᠭᠴᠢᠳ ᠤᠨ ᠲᠤᠬᠠᠶᠢᠯᠠᠭᠰᠠᠨ ᠠᠵᠢᠯ ᠤᠨ ᠬᠡᠪ | ᠪᠣᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠪᠤᠯᠪᠠᠰᠤᠷᠠᠯ ᠠᠴᠠ᠂ ᠡᠵᠡᠩᠨᠡᠭᠴᠢᠳ ᠢ | ᠥᠪᠡᠷ ᠤᠨ ᠪᠠᠶᠢᠴᠠᠭᠠᠯᠲᠠ ᠬᠢᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠤᠨ ᠳᠤᠲᠠᠭᠳᠠᠯ ᠪᠠ ᠠᠮᠤᠷ | ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠢᠯᠡᠷᠡᠬᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠨᠡ ᠤᠳᠠᠭᠠᠨ ᠤ ᠪᠣᠯᠪᠠᠰᠤᠷᠠᠯ ᠲᠡᠭᠡᠷ᠎ᠡ ᠪᠠᠰᠠ | ᠡᠨᠡ ᠵᠢᠯ ᠠᠴᠠ ᠨᠠᠰᠢᠬᠢ ︽ᠡᠮ ᠤᠨ ᠵᠦᠢᠯ᠂ ᠭᠤᠶᠤᠯᠠᠯ ᠤᠨ ᠡᠳ᠋᠂ ᠡᠮᠴᠢᠯᠡᠭᠡᠨ ᠤ ᠭᠡᠷᠡᠭᠰᠡᠯ︾ ᠤᠨ ᠬᠢᠨᠠᠯᠲᠠ | ᠬᠠᠮᠢᠶᠠᠷᠤᠯᠲᠠ ᠶᠢ ᠥᠷᠨᠢᠭᠦᠯᠦᠭᠰᠡᠨ ᠪᠠᠶᠢᠳᠠᠯ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠠᠷᠬᠠᠯᠲᠠ ᠶᠢᠨ | ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠡᠷᠡᠭᠦᠯ ᠪᠤᠰᠤ ᠪᠠᠶᠢᠳᠠᠯ ᠢ ᠲᠤᠰᠬᠠᠨ | ᠮᠡᠳᠡᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ ᠲᠤᠬᠠᠶ ᠶᠢᠨ ᠲᠠᠯᠠᠪᠤᠷ ᠲᠤ ᠡᠮ ᠤᠨ | ᠵᠦᠢᠯ᠂ ᠭᠤᠶᠤᠯᠠᠯ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠳᠡ ᠶᠢᠨ ᠬᠠᠮᠢᠶᠠᠳᠠᠢ | ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠪᠠ᠃ |