ᠴᠢᠭᠤᠯᠤᠯᠳᠤ ᠬᠠᠭᠠᠯᠭ᠎ᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠬᠢᠨ ᠲᠠᠶᠢᠹᠤᠰᠧ ᠬᠤᠰᠢᠭᠤᠨ ᠳᠤ ᠢᠷᠡᠵᠦ ᠠᠯᠪᠠᠨ ᠵᠢᠷᠤᠮ ᠤᠨ ᠡᠮᠴᠢᠯᠡᠭᠡ ᠬᠢᠭᠰᠡᠨ
ᠨᠡᠶᠢᠲᠡᠯᠡᠭᠰᠡᠨ ᠴᠠᠭ᠄
2024/11/18
  ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠤᠯᠠᠮ ᠬᠦᠨᠵᠡᠬᠡᠶᠢᠷᠡᠬᠦᠯᠵᠦ᠂ ᠴᠢᠭᠤᠯᠤᠯᠲᠤ ᠬᠠᠭᠠᠯᠭ᠎ᠠ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠲᠠᠶᠢᠹᠤᠰᠧ ᠬᠤᠰᠢᠭᠤᠨ ᠳᠠᠬᠢ ᠨᠢᠳᠦᠨ ᠤ ᠰᠠᠯᠠᠭᠠᠨ ᠤ ᠲᠥᠪ ᠤᠨ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠳᠦᠨ ᠤ ᠡᠪᠡᠳᠴᠢᠨ ᠢᠶᠠᠨ ᠣᠶᠢᠷ᠎ᠠ ᠬᠠᠪᠢ ᠳᠠᠭᠠᠨ ᠡᠮᠨᠡᠬᠦᠯᠬᠦ ᠲᠤᠬᠠᠢ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 11 ᠰᠠᠷ᠎ᠠ ᠶᠢᠨ 15 ᠤ ᠡᠳᠦᠷ ᠴᠢᠭᠤᠯᠤᠯᠲᠤ ᠬᠠᠭᠠᠯᠭ᠎ᠠ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠨᠢᠳᠦᠨ ᠤ ᠰᠠᠯᠠᠭᠠᠨ ᠤ ᠡᠷᠬᠢᠯᠡᠭᠴᠢ ᠵᠠᠩ ᠵᠢᠩ ᠬᠤᠩ ᠡᠮᠴᠢ ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢᠶᠠᠨ ᠲᠠᠭᠠᠭᠤᠯᠵᠤ᠂ ᠲᠠᠶᠢᠹᠤᠰᠧ ᠬᠤᠰᠢᠭᠤᠨ ᠳᠤ ᠠᠯᠪᠠᠨ ᠵᠢᠷᠤᠮ ᠤᠨ ᠡᠮᠴᠢᠯᠡᠭᠡ ᠬᠢᠭᠰᠡᠨ ᠪᠠᠶᠢᠨ᠎ᠠ᠃ ᠠᠬᠤᠢ ᠲᠠᠯᠠᠪᠠᠶ ᠳᠤ᠂ ᠲᠤᠰᠬᠠᠶ ᠮᠡᠷᠭᠡᠵᠢᠯ ᠤᠨ ᠮᠠᠰᠢᠨ ᠲᠦᠬᠦᠭᠡᠷᠦᠮᠵᠢ ᠶᠢ ᠠᠰᠢᠭᠯᠠᠨ᠂ ᠡᠮᠨᠡᠬᠦᠯᠬᠦ ᠪᠠᠷ ᠢᠷᠡᠭᠰᠡᠨ ᠣᠯᠠᠨ ᠲᠦᠮᠡᠨ ᠳᠤ ᠨᠠᠷᠢᠨ ᠨᠢᠮᠪᠠᠶ ᠪᠠᠶᠢᠴᠠᠭᠠᠯᠲᠠ ᠬᠢᠬᠦ  ᠶᠢᠨ ᠬᠠᠮᠳᠤ᠂  ᠨᠢᠳᠦᠨ ᠤ ᠡᠪᠡᠳᠴᠢᠨ ᠤ ᠡᠬᠦᠰᠦᠯ ᠢᠯᠡᠷᠡᠯ᠂ ᠲᠥᠷᠥᠯ ᠵᠦᠢᠯ ᠪᠠ ᠡᠮᠨᠡᠨ ᠵᠠᠰᠠᠬᠤ ᠠᠷᠭ᠎ᠠ᠂ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ  ᠲᠠᠶᠢᠯᠪᠤᠷᠢᠯᠠᠵᠤ ᠤᠬᠠᠭᠤᠯᠪᠠ  ᠃     ᠲᠠᠶᠢᠹᠤᠰᠧ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠳᠠᠷᠤᠭ᠎ᠠ ᠶᠠᠩ ᠶᠧ ᠵᠢᠩ᠄ ︽ᠡᠨᠡ ᠤᠳᠠᠭ᠎ᠠ  20 ᠭᠠᠷᠤᠶ ᠬᠥᠮᠦᠨ ᠳᠤ ᠨᠢᠳᠦᠨ ᠤ ᠡᠪᠡᠳᠴᠢᠨ ᠤ ᠪᠠᠶᠢᠴᠠᠭᠠᠯᠲᠠ ᠬᠢᠵᠦ᠂ 4 ᠡᠪᠡᠳᠴᠢᠲᠡᠨ ᠳᠤ ᠮᠡᠰᠡ ᠵᠠᠰᠠᠯ ᠬᠢᠵᠦ ᠥᠭᠴᠡᠶ᠃ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠲᠡᠮᠵᠢᠯᠭᠡ ᠪᠠᠷ ᠮᠠᠨ ᠤ ᠬᠤᠷᠢᠶᠠᠨ ᠤ ᠨᠢᠳᠦᠨ ᠤ ᠰᠠᠯᠠᠭᠠᠨ ᠤ ᠣᠨᠣᠰᠢᠯᠠᠨ ᠡᠮᠨᠡᠬᠦ ᠬᠢᠷᠢ ᠲᠦᠪᠰᠢᠨ ᠶᠡᠬᠡᠪᠡᠷ ᠳᠡᠭᠡᠭᠰᠢᠯᠡᠵᠦ᠂ ᠠᠷᠠᠳ ᠢᠷᠭᠡᠳ ᠤᠨ ᠡᠪᠡᠳᠴᠢᠨ ᠦᠵᠡᠭᠦᠯᠬᠦ ᠳᠤ ᠦᠨᠡᠲᠡᠢ᠂ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠳᠠᠭ ᠠᠰᠠᠭᠤᠳᠠᠯ ᠴᠤ ᠰᠢᠢᠳᠪᠦᠷᠢᠯᠡᠭᠳᠡᠭᠰᠡᠨ ᠪᠠᠶᠢᠨ᠎ᠠ︾᠃    ᠣᠶᠢᠯᠠᠭᠠᠭᠰᠠᠨ ᠢᠶᠠᠷ᠂ ᠡᠨᠡ ᠵᠢᠯ ᠤᠨ 7 ᠰᠠᠷ᠎ᠠ ᠶᠢᠨ ᠳᠤᠮᠳᠠᠴᠢ ᠪᠠᠷ ᠴᠢᠭᠤᠯᠤᠯᠲᠤ ᠬᠠᠭᠠᠯᠭ᠎ᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠨᠢ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠨᠢᠳᠦᠨ ᠤ ᠰᠠᠯᠠᠭᠠᠨ ᠤ ᠬᠠᠮᠵᠢᠯᠴᠠᠭᠠᠨ ᠤ ᠭᠡᠷ᠎ᠡ ᠲᠤᠭᠳᠠᠵᠤ᠂  ᠲᠠᠶᠢᠹᠤᠰᠧ ᠬᠤᠰᠢᠭᠤᠨ ᠳᠠᠬᠢ ᠨᠢᠳᠦᠨ ᠤ ᠡᠮᠨᠡᠯᠭᠡ ᠶᠢᠨ ᠲᠥᠪ ᠢ ᠪᠠᠶᠢᠭᠤᠯᠤᠭᠠᠳ᠂  ᠨᠢᠳᠦᠨ ᠤ ᠡᠮᠨᠡᠯᠭᠡ ᠶᠢᠨ ᠲᠤᠰᠬᠠᠢ ᠮᠡᠷᠭᠡᠵᠢᠯᠲᠡᠨ ᠤ ᠪᠦᠯᠬᠦᠮ ᠢ ᠲᠤᠮᠢᠯᠠᠨ  460 ᠭᠠᠷᠤᠢ  ᠬᠦᠮᠦᠨ ᠤ ᠨᠢᠳᠦᠨ ᠤ ᠡᠪᠡᠳᠴᠢᠨ ᠳᠤ ᠡᠮᠨᠡᠯᠬᠡ ᠵᠠᠰᠠᠯ ᠬᠢᠵᠦ᠂ ᠲᠠᠶᠢᠹᠤᠰᠧ ᠬᠤᠰᠢᠭᠤᠨ ᠤ ᠠᠷᠠᠳ ᠢᠷᠭᠡᠳ ᠤᠨ ᠮᠠᠭᠳᠠᠭᠠᠯ ᠲᠠᠭᠠᠰᠢᠶᠠᠯ ᠢ ᠬᠦᠷᠳᠡᠭᠰᠡᠨ ᠪᠦᠭᠡᠳ ᠬᠤᠰᠢᠭᠤ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠮᠴᠢᠯᠡᠭᠡᠨ ᠤ ᠮᠡᠷᠭᠡᠵᠢᠯ᠂ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃    ᠴᠢᠭᠤᠯᠤᠯᠲᠤ ᠬᠠᠭᠠᠯᠭ᠎ᠠ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠨᠢᠳᠦᠨ ᠤ ᠡᠮᠨᠡᠯᠭᠡ ᠶᠢᠨ ᠰᠠᠯᠠᠭᠠᠨ ᠤ ᠡᠷᠬᠢᠯᠡᠭᠴᠢ ᠵᠠᠩ ᠵᠢᠩ ᠬᠤᠩ᠄  ︽ᠲᠠᠶᠢᠹᠤᠰᠧ ᠬᠤᠰᠢᠭᠤᠨ ᠤ ᠡᠮᠨᠡᠯᠭᠡ ᠶᠢᠨ ᠬᠤᠷᠢᠶ᠎ᠠ ᠪᠣᠯᠤᠨ ᠴᠢᠭᠤᠯᠤᠯᠲᠤ ᠬᠠᠭᠠᠯᠭ᠎ᠠ ᠶᠢᠨ ᠬᠤᠳᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭ᠎ᠠ ᠪᠣᠯ ᠮᠠᠨ ᠤ ᠤᠯᠠᠨ ᠵᠢᠯ ᠤᠨ ᠲᠤᠷᠰᠢᠬᠢ ᠬᠠᠮᠳᠤᠷᠠᠯᠴᠠᠭ᠎ᠠ ᠰᠤᠯᠢᠯᠴᠠᠭᠠᠨ ᠤ ᠬᠤᠷᠢᠶᠠᠩᠭᠤᠢ ᠳᠦᠷᠢ ᠪᠤᠯᠤᠨ᠎ᠠ᠂ ᠨᠥᠬᠦᠷᠰᠡᠭ ᠬᠥᠷᠰᠢ ᠪᠤᠯᠤᠭᠰᠠᠨ ᠤ ᠬᠤᠪᠢ ᠳᠤ ᠪᠢᠳᠡ ᠤᠳᠠᠭᠠᠨ ᠵᠢᠯ ᠬᠠᠮᠵᠢᠯᠴᠠᠭᠰᠠᠭᠠᠷ ᠢᠷᠡᠭᠰᠡᠨ᠂ ᠲᠠᠶᠢᠹᠤᠰᠧ ᠬᠤᠰᠢᠭᠤᠨ  ᠳᠠᠬᠢ ᠨᠢᠳᠦᠨ ᠤ ᠡᠮᠨᠡᠯᠭᠡ ᠶᠢᠨ ᠲᠥᠪ ᠤᠨ ᠪᠠᠶᠢᠭᠤᠯᠤᠭᠳᠠᠭᠰᠠᠨ ᠨᠢ ᠮᠠᠨ ᠤ ᠬᠠᠮᠲᠤᠷᠠᠯᠴᠠᠭ᠎ᠠ ᠤᠯᠠᠮ ᠬᠦᠨᠵᠡᠬᠡᠶᠢᠷᠡᠭᠰᠡᠨ ᠢ ᠬᠠᠷᠠᠭᠤᠯᠵᠤ ᠪᠤᠢ᠂     ᠬᠤᠶᠢᠰᠢᠳᠠ ᠮᠠᠨᠠᠶᠢᠬᠢᠨ ᠰᠢᠯᠢᠳᠡᠭ ᠲᠤᠰᠬᠠᠢ ᠮᠡᠷᠭᠡᠵᠢᠯᠳᠡᠳ ᠢ ᠪᠠᠶᠢᠩᠭᠤ ᠨᠠᠰᠢ ᠪᠠᠨ ᠲᠤᠮᠢᠯᠠᠵᠤ᠂ ᠲᠠᠶᠢᠹᠤᠰᠧ ᠬᠤᠰᠢᠭᠤᠨ ᠤ ᠨᠢᠳᠦᠨ ᠤ ᠡᠮᠨᠡᠯᠬᠡ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠂  ᠡᠨᠡ  ᠨᠤᠳᠤᠭ ᠤᠨ ᠠᠷᠠᠳ ᠤᠯᠠᠨ ᠳᠤ ᠡᠮᠨᠡᠯᠬᠡ ᠶᠢᠨ ᠰᠢᠯᠢᠳᠡᠭ ᠦᠢᠯᠡᠴᠢᠯᠡᠭᠡ ᠶᠢ ᠬᠦᠷᠭᠡᠵᠦ᠂  ᠤᠯᠠᠮ ᠢᠯᠡᠬᠦᠦ ᠠᠰᠢᠭ ᠲᠤᠰᠠ ᠬᠦᠷᠳᠡᠭᠡᠬᠦ ᠪᠠᠷ ᠴᠢᠷᠮᠠᠶᠢᠨ᠎ᠠ︾᠃     ᠡᠪᠡᠳᠴᠢᠲᠡᠨ ᠮᠠ ᠢᠦᠢ ᠯᠦᠩ᠄  ︽ᠨᠢᠳᠦᠨ ᠤ ᠵᠠᠰᠠᠯ ᠬᠢᠯᠭᠡᠭᠡᠳ ᠨᠢᠭᠡ ᠭᠠᠷᠠᠭ ᠪᠣᠯᠤᠯ᠎ᠠ᠂ ᠥᠨᠥᠳᠦᠷ ᠲᠤᠰᠬᠠᠶ ᠮᠡᠷᠭᠡᠵᠢᠯᠲᠡᠨ ᠢᠷᠡᠭᠰᠡᠨ ᠢ ᠰᠤᠨᠤᠰᠤᠭᠠᠳ ᠳᠠᠬᠢᠨ ᠪᠠᠶᠢᠴᠠᠭᠠᠯᠭᠠᠬᠤ ᠪᠠᠷ ᠢᠷᠡᠵᠡᠢ᠂ ᠡᠮᠴᠢ ᠰᠤᠪᠢᠯᠠᠭᠴᠢ ᠪᠢᠳᠡᠨ ᠳᠤ ᠮᠠᠰᠢ ᠬᠠᠯᠠᠭᠤᠮᠰᠤᠭ ᠬᠠᠨᠳᠤᠳᠠᠭ᠂  ᠮᠢᠨᠦ ᠨᠢᠳᠦᠨ ᠤ ᠡᠪᠡᠳᠴᠢᠨ ᠴᠤ ᠮᠠᠰᠢ ᠲᠦᠷᠭᠡᠨ ᠰᠠᠶᠢᠵᠢᠷᠠᠯ᠎ᠠ᠂ ᠡᠮᠨᠡᠯᠬᠡ ᠶᠢᠨ ᠠᠵᠢᠯᠳᠠᠳ ᠲᠠᠭᠠᠨ ᠲᠠᠯᠠᠷᠬᠠᠵᠤ ᠪᠠᠶᠢᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号