ᠬᠠᠤᠯᠢ ᠲᠦᠷᠢᠮ ᠢ ᠬᠦᠳᠡᠭᠡ ᠬᠦᠷᠭᠡᠵᠦ ᠬᠤᠳᠠᠯᠠ ᠲᠦᠮᠡᠨ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/11/19
  ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠬᠠᠤᠯᠢ ᠎ ᠶᠢᠨ ᠤᠬᠠᠮᠰᠠᠷ ᠲᠠᠨᠢᠯᠲᠠ ᠶᠢ ᠨᠡᠮᠡᠭᠳᠡᠬᠦᠯᠬᠦ ᠶᠢᠨ ᠲᠥᠯᠥᠭᠡ᠂ 11 ᠰᠠᠷ᠎ᠠ ᠶᠢᠨ 14᠎ ᠤ ᠡᠳᠦᠷ ᠠᠴᠠ 18᠎ ᠤ ᠡᠳᠦᠷ ᠪᠣᠯᠲᠠᠯ᠎ᠠ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠠᠯᠪᠠᠨ ᠭᠡᠷᠡᠴᠢᠯᠡᠭᠡ ᠶᠢᠨ ᠭᠠᠵᠠᠷ ᠨᠢ ᠬᠤᠩ ᠴᠢ ᠪᠠᠯᠭᠠᠰᠤ᠂ ᠶᠦᠩ ᠹᠧᠩ ᠪᠠᠯᠭᠠᠰᠤᠨ ᠤ ᠭᠡᠰᠡᠭ ᠲᠣᠰᠬᠤᠨ ᠳᠤ ᠬᠦᠷᠴᠦ  ︽ᠬᠠᠤᠯᠢ ᠲᠦᠷᠢᠮ ᠢ ᠬᠦᠳᠡᠭᠡ ᠬᠦᠷᠭᠡᠵᠦ ᠬᠤᠳᠠᠯᠠ ᠲᠦᠮᠡᠨ ᠳᠤ ᠠᠰᠢᠭ ᠬᠦᠷᠳᠡᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠳᠠᠳ ᠠᠴᠠ ᠲᠣᠰᠬᠤᠨ ᠤ ᠠᠷᠠᠳ ᠲᠤ ᠲᠡᠳᠡᠨ ᠤ ᠠᠵᠤ ᠠᠮᠢᠳᠤᠷᠠᠯ ᠎ ᠯᠤᠭ᠎ᠠ ᠨᠢᠭᠲᠠ ᠬᠤᠯᠪᠤᠭᠳᠠᠬᠤ ᠤᠷᠤᠭ ᠭᠡᠷ ᠪᠦᠯᠢ ᠶᠢᠨ ᠶᠠᠪᠤᠳᠠᠯ᠂  ᠠᠰᠠᠷᠠᠨ ᠲᠡᠵᠢᠭᠡᠬᠦ ᠡᠬᠦᠷᠭᠡ ᠬᠠᠷᠢᠭᠤᠴᠠᠯᠭ᠎ᠠ᠂ ᠬᠥᠳᠡᠯᠮᠦᠷᠢ ᠦᠢᠯᠡᠴᠢᠯᠡᠭᠡᠨ ᠤ ᠭᠡᠷ᠎ᠡ ᠵᠡᠷᠭᠡ ᠬᠠᠮᠢᠶ᠎ᠠ ᠪᠦᠬᠦᠢ ᠬᠠᠤᠯᠢ ᠶᠢᠨ ᠮᠡᠳᠡᠯᠭᠡ ᠵᠢᠴᠢ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠨᠥᠬᠦᠴᠡᠯ ᠪᠠᠷᠢᠮᠵᠢᠶ᠎ᠠ᠂ ᠬᠦᠷᠢᠶ᠎ᠡ ᠬᠡᠪᠴᠢᠶ᠎ᠡ᠂ ᠠᠯᠬᠤᠮ ᠶᠠᠪᠤᠴᠠ ᠶᠢ ᠲᠠᠶᠢᠯᠪᠤᠷᠢᠯᠠᠬᠤ ᠶᠢᠨ ᠬᠠᠮᠲᠤ ᠲᠡᠳᠡᠨ ᠤ ᠠᠰᠠᠭᠤᠨ ᠯᠠᠪᠯᠠᠭᠰᠠᠨ ᠬᠠᠤᠯᠢ ᠶᠢᠨ ᠠᠰᠠᠭᠤᠳᠠᠯ ᠳᠤ ᠨᠠᠷᠢᠨ ᠲᠤᠳᠤᠷᠬᠠᠢ ᠬᠠᠷᠢᠭᠤᠯᠲᠠ ᠦᠭᠬᠦᠭᠰᠡᠨ ᠪᠠᠶᠢᠨ᠎ᠠ᠃ ᠠᠵᠢᠯᠯᠠᠭᠠᠨ ᠤ ᠶᠠᠪᠤᠴᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢᠨ ᠤᠬᠠᠭᠤᠯᠭ᠎ᠠ ᠶᠢᠨ ᠳᠡᠪᠲᠡᠷ ᠪᠠ ᠴᠠᠭ ᠤᠯᠠᠷᠢᠯ ᠤᠨ ᠪᠢᠴᠢᠭ᠂ ᠪᠡᠭᠡᠯᠡᠶ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ ᠬᠠᠤᠯᠢ ᠴᠠᠭᠠᠵᠠ ᠶᠢᠨ ᠬᠠᠮᠢᠶᠠᠳᠠᠢ 20 ᠤᠷᠴᠢᠮ ᠠᠰᠠᠭᠤᠳᠠᠯ ᠳᠤ ᠬᠠᠷᠢᠭᠤᠯᠲᠠ ᠦᠭᠴᠡᠢ᠃  ᠡᠨᠡ ᠤᠳᠠᠭᠠᠨ ᠤ ᠠᠵᠢᠯᠯᠠᠭ᠎ᠠ ᠨᠢ ᠬᠠᠤᠯᠢ ᠴᠠᠭᠠᠵᠠ ᠶᠢᠨ ᠲᠤᠰᠠᠯᠠᠮᠵᠢ ᠶᠢ  ᠠᠷᠠᠳ ᠢᠷᠭᠡᠳ ᠲᠠᠢ ︽ᠵᠠᠶ ᠵᠠᠪᠰᠠᠷ ᠥᠬᠡᠶ︾ ᠤᠶᠢᠷᠠᠳᠤᠭᠤᠯᠵᠤ᠂ ᠨᠠᠩ ᠣᠯᠠᠨ ᠲᠣᠰᠬᠤᠨ ᠤ ᠠᠷᠠᠳ ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠮᠢᠶ᠎ᠠ ᠪᠥᠬᠦᠶ ᠮᠡᠳᠡᠯᠭᠡ ᠶᠢ ᠤᠶᠢᠯᠠᠭᠠᠭᠤᠯᠤᠭᠠᠳ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂  ᠬᠠᠤᠯᠢ ᠴᠠᠭᠠᠵᠠ ᠶᠢᠨ ᠲᠤᠰᠠᠯᠠᠮᠵᠢ ᠶᠢ ᠨᠡᠩ ᠤᠯᠠᠨ ᠬᠦᠮᠦᠰ ᠲᠤ ᠤᠶᠢᠯᠠᠭᠠᠭᠤᠯᠵᠤ ᠮᠡᠳᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号