︽ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠲᠤᠬᠠᠢ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/19
  ᠨᠢᠭᠡ᠂ ︽ᠠᠵᠢᠯ ᠤᠨ ᠲᠥᠰᠦᠯ︾ ᠢ ᠲᠣᠭᠲᠠᠭᠠᠭᠰᠠᠨ ᠠᠬᠤᠶ ᠪᠠᠶᠢᠳᠠᠯ ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ ᠲᠤᠭᠤᠰᠢᠯᠠᠭᠤᠯᠵᠤ᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠭᠦᠨᠵᠡᠭᠡᠶ ᠲᠤᠭᠤᠰᠢᠯᠠᠭᠤᠯᠵᠤ᠂ ᠮᠠᠨ ᠤ ᠣᠷᠣᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠲᠤᠬᠠᠶ ᠠᠵᠢᠯ ᠤᠨ ᠲᠥᠰᠦᠯ︾ ︵ᠳᠣᠷᠣᠭᠰᠢ ︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠲᠤᠭᠳᠠᠭᠠᠵᠤ᠂ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠬᠦᠨᠵᠡᠬᠡᠶᠢᠷᠡᠬᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠤᠳᠤᠷᠬᠠᠢ ᠳᠤᠷᠠᠳᠴᠡᠢ᠃ ᠬᠤᠶᠠᠷ  ︽ᠠᠵᠢᠯ ᠤᠨ ᠲᠥᠰᠦᠯ︾ ᠤᠨ ᠭᠤᠣᠯ ᠠᠭᠤᠯᠭ᠎ᠠ ︽ᠠᠵᠢᠯ ᠤᠨ ᠲᠥᠰᠦᠯ︾ ᠨᠢ ᠭᠤᠤᠯ ᠬᠠᠷᠠᠯᠲᠠ᠂ ᠭᠤᠤᠯ ᠠᠵᠢᠯ ᠵᠢᠴᠢ ᠠᠵᠢᠯ ᠤᠨ ᠱᠠᠭᠠᠷᠳᠠᠯᠭ᠎ᠠ ᠵᠡᠷᠭᠡ ᠭᠤᠷᠪᠠᠨ ᠬᠡᠰᠡᠭ ᠠᠭᠤᠯᠭ᠎ᠠ ᠪᠠᠷ ᠪᠦᠷᠢᠯᠳᠦᠵᠡᠶ᠃ ︽ᠠᠵᠢᠯ ᠤᠨ ᠲᠥᠰᠦᠯ︾ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠮ ᠤᠨ ᠭᠡᠰᠢᠭᠦᠨ ᠺᠠᠳ᠋ᠷᠴᠤᠳ  ᠤᠨ ᠬᠥᠮᠦᠵᠢᠯ᠂ ᠨᠡᠶᠢᠭᠡᠮ ᠤᠨ ᠬᠥᠮᠦᠵᠢᠯ ᠪᠠ ᠤᠯᠤᠰ ᠠᠷᠠᠳ ᠤᠨ ᠬᠥᠮᠦᠵᠢᠯ ᠤᠨ ᠲᠤᠭᠲᠠᠯᠴᠠᠭ᠎ᠠ ᠳᠤ ᠤᠷᠤᠭᠤᠯᠬᠤ ᠬᠡᠷᠡᠭᠳᠡᠢ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠠᠮ ᠤᠨ ᠬᠢᠴᠢᠶᠡᠯ ᠣᠷᠣᠬᠤ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠬᠦ᠂ ᠲᠤᠰᠬᠠᠶ ᠰᠡᠳᠦᠪᠲᠦ ᠰᠤᠷᠤᠯᠴᠠᠯᠭ᠎ᠠ ᠪᠠ ᠶᠠᠷᠢᠯᠴᠠᠭ᠎ᠠ ᠶᠢ ᠵᠣᠬᠢᠶᠠᠨ ᠪᠠᠶᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠠᠬᠢ ᠪᠠᠭᠰᠢ ᠰᠤᠷᠤᠭᠴᠢᠳ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠤ︾ ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠰᠠᠶᠢᠲᠤᠷ ᠰᠤᠷᠬᠤ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠲᠦᠷᠪᠡᠨ ᠬᠠᠮᠳᠤᠳᠬᠠᠬᠤ︾ ᠶᠢᠨ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠶ᠃ ᠨᠡᠶᠢᠭᠡᠮ ᠵᠢᠷᠤᠮᠲᠦ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠤᠬᠠᠭᠤᠯᠭ᠎ᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ  ᠶᠢ ᠭᠦᠨᠵᠡᠭᠡᠢ ᠠᠬᠢᠭᠤᠯᠵᠤ᠂ ︽ᠲᠦᠷᠪᠡᠨ ᠶᠡᠭᠡ ᠪᠠᠷ ᠤᠬᠠᠭᠤᠯᠬᠤ︾᠂ ︽ᠭᠤᠷᠪᠠ ᠶᠢ ᠲᠣᠳᠣᠷᠬᠠᠢ ᠲᠠᠶᠢᠯᠪᠤᠷᠢᠯᠠᠬᠤ︾ ᠶᠢᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠦᠯᠢᠬᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠶᠡᠭᠡ ᠪᠠᠷ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠡᠯᠪᠡᠭ ᠪᠠᠶᠠᠯᠢᠭ ᠲᠡᠦᠬᠡ  ᠶᠢᠨ ᠪᠣᠳᠠᠲᠤ ᠪᠠᠶᠢᠳᠠᠯ ᠢ ᠭᠦᠨᠵᠡᠭᠡᠢ ᠠᠭᠤᠳᠠᠯᠵᠤ᠂ ᠥᠪᠥᠷ ᠮᠣᠩᠭᠤᠯ ᠤᠨ ᠭᠦᠨ ᠵᠤᠵᠠᠭᠠᠨ ᠲᠡᠦᠬᠡ ᠰᠣᠶᠣᠯ ᠪᠣᠯᠤᠨ ᠰᠣᠶᠣᠯ ᠢᠷᠭᠡᠨᠰᠢᠯ ᠤᠨ ᠡᠬᠢ ᠪᠠᠶᠠᠯᠢᠭ ᠢ ᠠᠮᠢᠳᠤᠯᠢᠭ ᠢᠶᠠᠷ ᠢᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠴᠦ᠂ ᠦᠨᠳᠦᠰᠦᠲᠡᠨ ᠨᠦᠭᠦᠳ ᠤᠨ ᠰᠣᠶᠣᠯ ᠢ ᠪᠦᠲᠦᠭᠡᠯᠴᠢ ᠴᠢᠨᠠᠷᠲᠠᠢ ᠪᠠᠷ ᠤᠯᠠᠷᠢᠯᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠵᠦᠬᠡᠯᠨᠨ ᠬᠤᠷ᠎ᠠ ᠲᠦᠮᠡᠨ ᠪᠣᠳᠠᠰ ᠢ ᠤᠮᠳᠠᠯᠠᠬᠤ︾ ᠭᠦᠨ ᠵᠤᠵᠠᠭᠠᠨ ᠰᠣᠶᠣᠯ ᠤᠨ ᠮᠡᠳᠡᠷᠡᠬᠦᠢ ᠶᠢᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠰᠢᠨ᠎ᠡ ᠵᠠᠭᠤᠴᠢᠯᠠᠭᠤᠷ ᠤᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠡᠯ᠎ᠡ ᠱᠠᠲᠤᠨ ᠤ ᠷᠠᠳᠢᠣ᠋ ᠲᠧᠯᠸᠢᠰ ᠬᠤᠷᠢᠶ᠎ᠠ᠂ ᠰᠣᠨᠢᠨ ᠤ ᠬᠤᠷᠢᠶ᠎ᠠ ᠵᠡᠷᠭᠡ ᠭᠤᠣᠯ ᠵᠠᠭᠤᠴᠢᠯᠠᠭᠤᠷ  ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠣᠨᠢᠨ᠂ ᠰᠡᠳᠬᠦᠯ᠂ ᠰᠦᠯᠵᠢᠶ᠎ᠡ᠂ ᠰᠢᠯᠵᠢᠶ᠎ᠡ᠂ ᠵᠢᠷᠭᠢᠶ᠎ᠡ᠂ ᠸᠢᠳᠢᠤ᠋︾ ᠶᠢ ᠨᠢᠭᠡ ᠴᠤᠬᠴᠠᠵᠢᠭᠤᠯᠤᠬᠰᠠᠨ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ᠂ ᠤᠯᠠᠨ ᠳᠠᠭᠤᠲᠦ ᠤᠬᠠᠭᠤᠯᠭ᠎ᠠ ᠬᠥᠮᠦᠵᠢᠯ ᠤᠨ ᠵᠢᠭᠰᠠᠯ ᠢ ᠪᠠᠶᠢᠭᠤᠯᠵᠤ᠂ ᠤᠨᠤᠯ ᠤᠨ ᠲᠠᠶᠢᠯᠪᠤᠷᠢᠯᠠᠯᠲᠠ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠣᠯᠤᠨ ᠦᠯᠢᠬᠡᠷ ᠤᠨ ᠤᠬᠠᠭᠤᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ᠂ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠠᠮᠵᠢᠯᠲᠠ ᠪᠦᠲᠦᠮᠵᠢ ᠶᠢᠨ ᠤᠬᠠᠭᠤᠯᠭ᠎ᠠ᠂ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠳᠤᠮᠳᠠ ᠠᠭᠤᠰᠤᠯᠴᠠᠭᠤᠯᠵᠦ᠂ ᠤᠬᠠᠭᠤᠯᠭ᠎ᠠ ᠬᠥᠮᠦᠵᠢᠯ ᠤᠨ ᠠᠵᠢᠯ ᠢ ᠪᠠᠶᠢᠩᠭᠤᠶᠢᠵᠢᠭᠤᠯᠤᠨ ᠦᠷᠨᠢᠬᠦᠯᠬᠦ ᠬᠡᠷᠡᠭᠳᠡᠢ᠃ ᠡᠭᠦᠨ ᠤ ᠬᠠᠮᠲᠤ᠂ ᠤᠳᠤ ᠦᠶ᠎ᠡ ᠶᠢᠨ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠵᠤ᠂ ᠳᠢᠭᠢᠳ᠋ᠴᠢᠯᠠᠭᠤᠯᠤᠯᠲᠠ ᠪᠠᠷ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠠᠳᠠᠲᠠᠶᠢᠵᠢᠭᠤᠯᠤᠨ᠎ᠠ᠃ ︽ᠠᠵᠢᠯ ᠤᠨ ᠲᠥᠰᠦᠯ︾ ᠤᠨ ᠲᠠᠶᠢᠯᠪᠦᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠲᠤᠬᠠᠶ ᠠᠵᠢᠯ ᠤᠨ ᠲᠥᠰᠦᠯ︾ ᠳᠤ ᠣᠶᠢᠯᠠᠭᠠᠬᠤ ᠥᠬᠡᠶ ᠵᠦᠶ᠋ᠯ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠰᠣᠶᠣᠯ ᠤᠬᠠᠭᠤᠯᠭ᠎ᠠ ᠶᠢᠨ ᠭᠠᠵᠠᠷ ᠠᠴᠠ ᠠᠰᠠᠭᠤᠨ ᠯᠠᠪᠯᠠᠵᠤ ᠪᠣᠯᠤᠨ᠎ᠠ᠃ ᠠᠰᠠᠭᠤᠨ ᠯᠠᠪᠯᠠᠬᠤ ᠤᠲᠠᠰᠤ᠄ 0471 - 6610283 ᠲᠠᠶᠢᠯᠪᠤᠷᠢᠯᠠᠭᠴᠢ᠄ ᠪᠠᠢ ᠯᠢᠩ ᠳ᠋ᠢ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号