ᠶᠠᠭᠤ ᠶᠢ ᠠᠵᠢᠯ ᠣᠯᠭᠤᠯᠲᠠ ᠶᠢᠨ ᠳᠠᠳᠤᠯᠭ᠎ᠠ ᠭᠡᠬᠦ ᠪᠤᠢ︖
ᠨᠡᠶᠢᠲᠡᠯᠡᠭᠰᠡᠨ ᠴᠠᠭ᠄
2024/11/2
  ᠠᠵᠢᠯ ᠤᠯᠭᠤᠯᠳᠠ ᠶᠢᠨ ᠲᠠᠳᠤᠯᠭ᠎ᠠ ᠭᠡᠳᠡᠭ ᠪᠤᠯ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠰᠠᠯᠠᠭ᠎ᠠ ᠮᠥᠴᠢᠷ ᠨᠢ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠠᠵᠢᠯ ᠠᠯᠳᠠᠭᠰᠠᠨ ᠵᠠᠯᠠᠭᠤᠴᠤᠳ ᠤᠨ ᠬᠤᠪᠢ ᠬᠥᠮᠦᠨ ᠤ ᠬᠦᠰᠡᠯ ᠪᠤᠳᠤᠯ ᠢ ᠨᠢ ᠦᠨᠳᠦᠰᠦᠯᠡᠨ᠂ ᠲᠡᠳᠡᠨ ᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠤ ᠬᠢᠨᠠᠨ ᠲᠤᠭᠳᠠᠭᠠᠭᠰᠠᠨ ᠲᠠᠳᠤᠯᠭ᠎ᠠ ᠶᠢᠨ ᠨᠢᠬᠡᠴᠡ ᠳᠤ ᠤᠴᠢᠭᠤᠯᠤᠨ ᠲᠠᠳᠤᠯᠭ᠎ᠠ ᠬᠢᠯᠬᠡᠵᠦ᠂  ᠠᠵᠢᠯ ᠤᠨ ᠲᠤᠷᠰᠢᠯᠭ᠎ᠠ ᠬᠤᠷᠠᠮᠳᠤᠭᠤᠯᠬᠤ᠂  ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ‍ ᠨᠢᠭᠡ ᠵᠦᠢᠯ ᠤᠨ ᠠᠵᠢᠯ ᠣᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠪᠤᠯᠤᠨ᠎ᠠ᠃    ᠠᠵᠢᠯ ᠤᠯᠭᠤᠯᠳᠠ ᠶᠢᠨ ᠳᠠᠳᠤᠯᠭ᠎ᠠ ᠳᠤ ᠤᠷᠤᠯᠴᠠᠬᠤ ᠬᠦᠷᠢᠶ᠎ᠡ ᠬᠡᠪᠴᠢᠶ᠎ᠡ ᠭᠡᠪᠡᠯ ᠲᠡᠭᠡᠳᠦ ᠰᠤᠷᠭᠠᠭᠤᠯᠢ ᠲᠡᠬᠦᠰᠴᠦ ᠬᠤᠶᠠᠷ ᠵᠢᠯ ᠪᠤᠯᠤᠭᠠᠳ ᠠᠵᠢᠯ ᠣᠯᠤᠭᠠᠳᠤᠶ ᠤᠶᠤᠳᠠᠳ ᠪᠠ 16-24 ᠨᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠢᠶᠠᠨ ᠠᠵᠢᠯ ᠠᠯᠳᠠᠭᠰᠠᠨ ᠢ ᠪᠠᠭᠳᠠᠭᠠᠨ᠎ᠠ  ᠂ ᠳᠠᠳᠤᠯᠭ᠎ᠠ ᠶᠢᠨ ᠬᠤᠭᠤᠴᠠᠭ᠎ᠠ ᠨᠢ 3-12 ᠰᠠᠷ᠎ᠠ  ᠃    ᠲᠠᠳᠤᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠠᠶᠢᠵᠤ᠂ ᠲᠠᠳᠤᠯᠭ᠎ᠠ ᠶᠢᠨ ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠣᠷᠮ᠎ᠠ ᠨᠢ 50%᠎ ᠠᠴᠠ ᠳᠡᠭᠡᠭᠰᠢ ᠳᠤ ᠬᠦᠷᠦᠭᠰᠡᠨ ᠨᠢᠬᠡᠴᠡ ᠪᠤᠯ ᠨᠦᠬᠦᠪᠦᠷᠢ ᠎ ᠶᠢᠨ ᠪᠠᠷᠢᠮᠵᠢᠶ᠎ᠠ ᠶᠢ 70%᠎ ᠳᠤ ᠬᠦᠷᠲᠡᠯ᠎ᠡ ᠳᠡᠭᠡᠭᠰᠢᠯᠡᠭᠦᠯᠦᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号