︽ᠡᠨᠧᠷᠭᠢ ᠶᠢ ᠠᠷᠪᠢᠯᠠᠵᠤ᠂ ᠪᠣᠬᠢᠷᠲᠤᠯ ᠢ ᠪᠠᠭᠠᠰᠬᠠᠨ᠂ ᠣᠷᠴᠢᠨ ᠲᠣᠭᠤᠷᠢᠨ ᠢ ᠬᠠᠮᠠᠭᠠᠯᠠᠬᠤ︾ | ᠤᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠬᠤ ᠶᠢᠨ ᠲᠤᠰᠠᠳᠠ᠂ ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠨᠢ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠯᠦᠭᠯᠡᠯ ᠤᠨ ᠮᠧᠩ | ᠮᠠ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠯᠤᠭ᠎ᠠ ᠢᠳᠡᠪᠬᠢᠲᠡᠢ ᠬᠠᠷᠢᠴᠠᠵᠤ ᠪᠠᠶᠢᠭᠠᠳ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠦᠬᠦᠭᠡᠷᠦᠮᠵᠢ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ | ᠢᠷᠡᠵᠡᠢ᠃ ᠡᠶᠢᠨ ᠬᠦ᠋᠂ 2024 ᠣᠨ ᠳᠤ ᠲᠤᠰ ᠬᠤᠰᠢᠭᠤ ᠨᠢ 330 ᠲᠦᠮᠡᠨ ᠲᠥᠭᠦᠷᠢᠭ ᠤᠨ ᠪᠠᠯᠠ | ᠤᠷᠤᠭᠤᠯᠵᠤ᠂ 5 ᠰᠠᠭᠤᠷᠢ ᠴᠠᠬᠢᠯᠭᠠᠨ ᠴᠡᠨᠡᠭᠯᠡᠬᠦ ᠥᠷᠲᠡᠭᠡ ᠶᠢ ᠲᠥᠯᠥᠪᠵᠢᠭᠦᠯᠦᠨ ᠪᠠᠶᠢᠭᠤᠯᠤᠭᠠᠳ᠂ ᠴᠠᠬᠢᠯᠭᠠᠨ | ᠴᠡᠨᠡᠭᠯᠡᠬᠦ ᠱᠣᠩ 21᠂ ᠴᠠᠬᠢᠯᠭᠠᠨ ᠴᠡᠨᠡᠭᠯᠡᠬᠦ ᠭᠤᠤᠷᠰᠤ 40 ᠶᠢ ᠤᠭᠰᠠᠷᠠᠭᠰᠠᠨ ᠪᠠᠶᠢᠨ᠎ᠠ᠃ ᠡᠨᠡ ᠤᠳᠠᠭᠠᠨ ᠤ | ᠪᠦᠳᠦᠭᠡᠨ ᠪᠠᠶᠢᠭᠤᠯᠤᠯᠳᠠ ᠶᠢ ᠬᠢᠬᠦ ᠳᠡᠭᠡᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠪᠠ ᠵᠠᠮ ᠱᠤᠭᠤᠮ ᠤᠨ | ᠪᠠᠶᠢᠳᠠᠯ ᠢ ᠪᠥᠬᠦ ᠲᠠᠯ᠎ᠠ ᠪᠠᠷ ᠪᠤᠳᠤᠯᠬᠢᠯᠠᠵᠤ᠂ ᠪᠤᠤᠴᠠᠩ ᠰᠣᠶᠣᠯ ᠤᠨ ᠴᠡᠴᠡᠷᠯᠢᠭ ᠤᠨ ᠡᠮᠦᠨ᠎ᠡ ᠲᠣᠭᠤᠷᠢᠭ ᠲᠠᠬᠢ | ᠲᠡᠷᠭᠡᠨ ᠵᠣᠭᠰᠣᠭᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠵᠡᠭᠦᠨ ᠲᠠᠯ᠎ᠠ ᠳᠠᠬᠢ ᠲᠡᠷᠭᠡᠨ ᠵᠣᠭᠰᠣᠭᠠᠯ᠂ | ᠢᠦᠢ ᠫᠢᠨ ᠱᠠᠩ ᠶᠤᠸᠠᠨ ᠰᠠᠭᠤᠭᠠᠯᠢ ᠲᠣᠭᠤᠷᠢᠭ ᠤᠨ ᠵᠡᠭᠦᠨ ᠡᠬᠦᠳᠡ ᠪᠠ ︽207︾ ᠤᠯᠤᠰ ᠤᠨ ᠵᠠᠮ᠂ ︽ | S222︾ ᠮᠤᠵᠢ ᠶᠢᠨ ᠵᠠᠮ ᠲᠡᠭᠡᠷ᠎ᠡ ᠲᠤᠬᠢᠷᠠᠭᠤᠯᠵᠠᠢ᠃ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠣᠶᠤᠨᠴᠢ | ᠴᠠᠬᠢᠯᠭᠠᠨ ᠴᠡᠨᠡᠭᠯᠡᠬᠦ ᠮᠡᠷᠭᠡᠵᠢᠯ ᠢ ᠬᠡᠷᠡᠭᠯᠡᠵᠦ᠂ ᠲᠦᠷᠭᠡᠨ ᠴᠡᠨᠡᠭᠯᠡᠬᠦ᠂ ᠠᠶᠤᠯᠬᠦᠢ ᠪᠠᠶᠢᠬᠤ᠂ ᠬᠢᠨᠠᠨ ᠡᠵᠡᠮᠳᠡᠬᠦ | ᠵᠡᠷᠭᠡ ᠣᠯᠠᠨ ᠴᠢᠳᠠᠮᠵᠢ ᠶᠢ ᠪᠦᠷᠢᠳᠦᠬᠦᠯᠦᠭᠰᠡᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠭᠰᠠᠷᠠᠨ᠂ ᠠᠷᠠᠳ | ᠢᠷᠭᠡᠳ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠵᠤ᠂ ᠡᠳᠦᠷ ᠲᠤᠲᠤᠮ ᠤᠨ ᠴᠠᠬᠢᠯᠭᠠᠨ ᠴᠡᠨᠡᠭᠯᠡᠬᠦ ᠬᠦᠴᠢᠷ | ᠠᠰᠠᠭᠤᠳᠠᠯ ᠢ ᠰᠢᠢᠳᠪᠦᠷᠢᠯᠡᠪᠡ᠃ | ᠴᠠᠬᠢᠯᠭᠠᠨ ᠴᠡᠨᠡᠭᠯᠡᠬᠦ ᠦᠷᠳᠡᠭᠡᠨ ᠤ ᠪᠠᠶᠢᠭ᠎ᠠ ᠭᠠᠵᠠᠷ᠄ | 1. ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠵᠡᠭᠦᠨ ᠲᠠᠯ᠎ᠠ ᠳᠠᠬᠢ ᠲᠡᠷᠭᠡᠨ ᠵᠣᠭᠰᠣᠭᠠᠯ ᠃ | 2. ᠪᠤᠤᠴᠠᠩ ᠰᠣᠶᠤᠯ ᠤᠨ ᠴᠡᠴᠡᠷᠯᠢᠭ ᠤᠨ ᠡᠮᠦᠨ᠎ᠡ ᠲᠣᠭᠤᠷᠢᠭ ᠲᠠᠬᠢ ᠲᠡᠷᠭᠡᠨ ᠵᠣᠭᠰᠣᠭᠠᠯ ᠃ | 3. ᠢᠤᠢ ᠫᠢᠨ ᠱᠠᠩ ᠶᠤᠸᠠᠨ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠳᠠᠬᠢ ᠲᠡᠷᠭᠡᠨ ᠵᠣᠭᠰᠣᠭᠠᠯ᠃ | 4. ᠬᠦᠨᠪᠤᠯᠠᠭ ᠰᠤᠮᠤᠨ ᠤ ᠫᠤᠤᠲ᠋ᠠᠶᠢᠶ᠋ᠢᠩᠽᠢ ᠳᠠᠬᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠩᠬᠢ ᠶᠢᠨ | ᠡᠬᠦᠳᠡᠨ ᠳᠤ᠃ | 5. ︽S222︾ ᠮᠤᠵᠢ ᠶᠢᠨ ᠵᠠᠮ ︵ᠪᠤᠤᠴᠠᠩ ᠠᠴᠠ ᠰᠢᠯᠣᠭᠤᠨ ᠬᠦᠪᠡᠭᠡᠲᠦ ᠴᠠᠭᠠᠨ ᠬᠤᠰᠢᠭᠤ ᠬᠦᠷᠬᠦ︶ | ᠤᠨ ᠵᠢᠤ ᠪᠣᠤ ᠳ᠋ᠢ ᠳᠠᠬᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠩᠬᠢ ᠶᠢᠨ ᠡᠬᠦᠳᠡᠨ ᠳᠤ᠃ |