︽ᠡᠨᠧᠷᠭᠢ ᠶᠢ ᠠᠷᠪᠢᠯᠠᠵᠤ᠂ ᠪᠣᠬᠢᠷᠲᠤᠯ ᠢ ᠪᠠᠭᠠᠰᠬᠠᠨ᠂ ᠣᠷᠴᠢᠨ ᠲᠣᠭᠤᠷᠢᠨ ᠢ ᠬᠠᠮᠠᠭᠠᠯᠠᠬᠤ︾ ᠤᠶᠢᠯᠠᠭᠠᠭᠳᠠᠬᠤᠨ ᠢ | ᠭᠦᠨᠵᠡᠭᠡᠢ ᠲᠤᠤᠱᠯᠠᠭᠤᠯᠬᠤ ᠶᠢᠨ ᠲᠤᠰᠠᠳᠠ᠂ ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠨᠢ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠯᠦᠭᠯᠡᠯ ᠤᠨ ᠮᠧᠩ ᠮᠠ ᠰᠢᠨ᠎ᠡ ᠡᠨᠧᠷᠭᠢ ᠶᠢᠨ ᠬᠢᠵᠠᠭᠠᠷᠲᠤ | ᠺᠣᠮᠫᠠᠨᠢ ᠯᠤᠭ᠎ᠠ ᠢᠳᠡᠪᠬᠢᠲᠡᠢ ᠬᠠᠷᠢᠴᠠᠵᠤ ᠪᠠᠶᠢᠭᠠᠳ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ | ᠲᠦᠬᠦᠭᠡᠷᠦᠮᠵᠢ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ ᠢᠷᠡᠵᠡᠢ᠃ ᠡᠶᠢᠨ ᠬᠦ᠋᠂ 2024 ᠣᠨ ᠳᠤ ᠲᠤᠰ | ᠬᠤᠰᠢᠭᠤ ᠨᠢ 330 ᠲᠦᠮᠡᠨ ᠲᠥᠭᠦᠷᠢᠭ ᠤᠨ ᠪᠠᠯᠠ ᠤᠷᠤᠭᠤᠯᠵᠤ᠂ 5 ᠰᠠᠭᠤᠷᠢ ᠴᠠᠬᠢᠯᠭᠠᠨ ᠴᠡᠨᠡᠭᠯᠡᠬᠦ ᠥᠷᠲᠡᠭᠡ ᠶᠢ | ᠲᠥᠯᠥᠪᠵᠢᠭᠦᠯᠦᠨ ᠪᠠᠶᠢᠭᠤᠯᠤᠭᠠᠳ᠂ ᠴᠠᠬᠢᠯᠭᠠᠨ ᠴᠡᠨᠡᠭᠯᠡᠬᠦ ᠱᠣᠩ 21᠂ ᠴᠠᠬᠢᠯᠭᠠᠨ ᠴᠡᠨᠡᠭᠯᠡᠬᠦ ᠭᠤᠤᠷᠰᠤ 40 ᠶᠢ | ᠤᠭᠰᠠᠷᠠᠭᠰᠠᠨ ᠪᠠᠶᠢᠨ᠎ᠠ᠃ ᠡᠨᠡ ᠤᠳᠠᠭᠠᠨ ᠤ ᠪᠦᠳᠦᠭᠡᠨ ᠪᠠᠶᠢᠭᠤᠯᠤᠯᠳᠠ ᠶᠢ ᠬᠢᠬᠦ ᠳᠡᠭᠡᠨ ᠬᠤᠲᠠ ᠶᠢᠨ ᠶᠠᠪᠤᠳᠠᠯ ᠤᠨ | ᠲᠥᠬᠦᠭᠡᠷᠦᠮᠵᠢ ᠪᠠ ᠵᠠᠮ ᠱᠤᠭᠤᠮ ᠤᠨ ᠪᠠᠶᠢᠳᠠᠯ ᠢ ᠪᠥᠬᠦ ᠲᠠᠯ᠎ᠠ ᠪᠠᠷ ᠪᠤᠳᠤᠯᠬᠢᠯᠠᠵᠤ᠂ ᠪᠤᠤᠴᠠᠩ ᠰᠣᠶᠣᠯ ᠤᠨ | ᠴᠡᠴᠡᠷᠯᠢᠭ ᠤᠨ ᠡᠮᠦᠨ᠎ᠡ ᠲᠣᠭᠤᠷᠢᠭ ᠲᠠᠬᠢ ᠲᠡᠷᠭᠡᠨ ᠵᠣᠭᠰᠣᠭᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠵᠡᠭᠦᠨ | ᠲᠠᠯ᠎ᠠ ᠳᠠᠬᠢ ᠲᠡᠷᠭᠡᠨ ᠵᠣᠭᠰᠣᠭᠠᠯ᠂ ᠢᠦᠢ ᠫᠢᠨ ᠱᠠᠩ ᠶᠤᠸᠠᠨ ᠰᠠᠭᠤᠭᠠᠯᠢ ᠲᠣᠭᠤᠷᠢᠭ ᠤᠨ ᠵᠡᠭᠦᠨ ᠡᠬᠦᠳᠡ ᠪᠠ ︽207︾ | ᠤᠯᠤᠰ ᠤᠨ ᠵᠠᠮ᠂ ︽S222︾ ᠮᠤᠵᠢ ᠶᠢᠨ ᠵᠠᠮ ᠲᠡᠭᠡᠷ᠎ᠡ ᠲᠤᠬᠢᠷᠠᠭᠤᠯᠵᠠᠢ᠃ ᠪᠥᠲᠥᠭᠡᠨ ᠪᠠᠶᠢᠭᠤᠯᠤᠯᠲᠠ ᠶᠢᠨ | ᠲᠠᠯ᠎ᠠ ᠪᠠᠷ᠂ ᠣᠶᠤᠨᠴᠢ ᠴᠠᠬᠢᠯᠭᠠᠨ ᠴᠡᠨᠡᠭᠯᠡᠬᠦ ᠮᠡᠷᠭᠡᠵᠢᠯ ᠢ ᠬᠡᠷᠡᠭᠯᠡᠵᠦ᠂ ᠲᠦᠷᠭᠡᠨ ᠴᠡᠨᠡᠭᠯᠡᠬᠦ᠂ ᠠᠶᠤᠯᠬᠦᠢ ᠪᠠᠶᠢᠬᠤ᠂ ᠬᠢᠨᠠᠨ | ᠡᠵᠡᠮᠳᠡᠬᠦ ᠵᠡᠷᠭᠡ ᠣᠯᠠᠨ ᠴᠢᠳᠠᠮᠵᠢ ᠶᠢ ᠪᠦᠷᠢᠳᠦᠬᠦᠯᠦᠭᠰᠡᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠭᠰᠠᠷᠠᠨ᠂ ᠠᠷᠠᠳ | ᠢᠷᠭᠡᠳ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠵᠤ᠂ ᠡᠳᠦᠷ ᠲᠤᠲᠤᠮ ᠤᠨ ᠴᠠᠬᠢᠯᠭᠠᠨ ᠴᠡᠨᠡᠭᠯᠡᠬᠦ ᠬᠦᠴᠢᠷ | ᠠᠰᠠᠭᠤᠳᠠᠯ ᠢ ᠰᠢᠢᠳᠪᠦᠷᠢᠯᠡᠪᠡ᠃ | | | | | | | | ᠴᠠᠬᠢᠯᠭᠠᠨ ᠴᠡᠨᠡᠭᠯᠡᠬᠦ ᠦᠷᠳᠡᠭᠡᠨ ᠤ ᠪᠠᠶᠢᠭ᠎ᠠ ᠭᠠᠵᠠᠷ᠄ | 1. ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠵᠡᠭᠦᠨ ᠲᠠᠯ᠎ᠠ ᠳᠠᠬᠢ ᠲᠡᠷᠭᠡᠨ ᠵᠣᠭᠰᠣᠭᠠᠯ ᠃ | 2. ᠪᠤᠤᠴᠠᠩ ᠰᠣᠶᠤᠯ ᠤᠨ ᠴᠡᠴᠡᠷᠯᠢᠭ ᠤᠨ ᠡᠮᠦᠨ᠎ᠡ ᠲᠣᠭᠤᠷᠢᠭ ᠲᠠᠬᠢ ᠲᠡᠷᠭᠡᠨ ᠵᠣᠭᠰᠣᠭᠠᠯ ᠃ | 3. ᠢᠤᠢ ᠫᠢᠨ ᠱᠠᠩ ᠶᠤᠸᠠᠨ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠳᠠᠬᠢ ᠲᠡᠷᠭᠡᠨ ᠵᠣᠭᠰᠣᠭᠠᠯ᠃ | 4. ᠬᠦᠨᠪᠤᠯᠠᠭ ᠰᠤᠮᠤᠨ ᠤ ᠫᠤᠤᠲ᠋ᠠᠶᠢᠶ᠋ᠢᠩᠽᠢ ᠳᠠᠬᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠩᠬᠢ ᠶᠢᠨ ᠡᠬᠦᠳᠡᠨ ᠳᠤ᠃ | | 5. ︽S222︾ ᠮᠤᠵᠢ ᠶᠢᠨ ᠵᠠᠮ ︵ᠪᠤᠤᠴᠠᠩ ᠠᠴᠠ ᠰᠢᠯᠣᠭᠤᠨ ᠬᠦᠪᠡᠭᠡᠲᠦ ᠴᠠᠭᠠᠨ ᠬᠤᠰᠢᠭᠤ ᠬᠦᠷᠬᠦ︶ ᠤᠨ | ᠵᠢᠤ ᠪᠣᠤ ᠳ᠋ᠢ ᠳᠠᠬᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠩᠬᠢ ᠶᠢᠨ ᠡᠬᠦᠳᠡᠨ ᠳᠤ᠃ |