11 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ ᠬᠢᠨ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠬᠤᠰᠢᠭᠤᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ | ᠲᠤᠰᠬᠠᠢ ᠳᠤᠭᠤᠶᠢᠯᠠᠩ ᠤᠨ ᠠᠯᠪᠠᠨ ᠭᠡᠷ ᠠᠴᠠ 2024 ᠣᠨ ᠤ ᠬᠠᠮᠢᠶ᠎ᠠ ᠪᠦᠬᠦᠢ ᠠᠵᠢᠯ ᠤᠨ ᠠᠷᠭ᠎ᠠ ᠠᠪᠴᠢᠯ ᠪᠠ | ᠦᠷ᠎ᠡ ᠪᠦᠲᠦᠭᠡᠯ ᠢᠶᠠᠨ ᠲᠠᠨᠢᠯᠴᠠᠭᠤᠯᠬᠤ ᠶᠢᠨ ᠬᠠᠮᠲᠤ ᠪᠥᠬᠦ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃ | 2024 ᠣᠨ ᠳᠤ᠂ ᠠᠶᠤᠯᠭᠦᠶ ᠦᠢᠯᠡᠳᠪᠦᠷᠢᠯᠡᠯ ᠤᠨ ᠬᠦᠷᠢᠶ᠎ᠡ ᠴᠠᠷᠠᠭᠠᠨ ᠳᠠᠬᠢ ᠳᠠᠯᠳᠠ ᠬᠡᠮ ᠢ ᠢᠳᠡᠪᠬᠢᠲᠡᠶ | ᠪᠠᠶᠢᠴᠠᠭᠠᠨ ᠴᠡᠭᠴᠡᠯᠡᠵᠦ᠂ ᠪᠥᠬᠦ ᠬᠤᠰᠢᠭᠤ ᠪᠠᠷ ᠢᠶᠠᠨ ᠨᠡᠶᠢᠳᠡ 367 ᠤᠳᠠᠭ᠎ᠠ ᠬᠦᠳᠡᠯᠦᠯᠴᠡᠨ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢ 2980 ᠤᠳᠠᠭ᠎ᠠ ᠪᠠᠶᠢᠴᠠᠭᠠᠵᠤ᠂ 2184 ᠬᠤᠪᠢ ᠳᠠᠯᠳᠠ ᠬᠡᠮ ᠢ ᠢᠯᠡᠷᠡᠬᠦᠯᠦᠭᠡᠳ | ᠂ 2104 ᠶᠢ ᠨᠢ ᠴᠡᠭᠴᠡᠯᠡᠨ ᠰᠠᠶᠢᠵᠢᠷᠠᠭᠤᠯᠵᠤ᠂ 484 ᠬᠤᠪᠢ ᠱᠠᠭᠠᠷᠳᠠᠨ ᠴᠡᠭᠴᠡᠯᠡᠬᠦ ᠮᠡᠳᠡᠭᠳᠡᠯ ᠤᠨ ᠪᠢᠴᠢᠭ | ᠪᠠᠭᠤᠯᠭᠠᠵᠤ᠂ 58.246 ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠤᠯᠭᠤᠭᠰᠠᠨ ᠪᠠᠶᠢᠨ᠎ᠠ᠃ | ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠭᠦᠶ ᠦᠢᠯᠡᠳᠪᠦᠷᠢᠯᠡᠯ ᠤᠨ ᠰᠣᠯᠪᠢᠴᠠᠨ ᠪᠠᠶᠢᠴᠠᠭᠠᠬᠤ ᠠᠵᠢᠯ ᠢ 2 | ᠤᠳᠠᠭ᠎ᠠ ᠥᠷᠨᠢᠭᠦᠯᠵᠦ᠂ ᠨᠡᠶᠢᠲᠡ 156 ᠠᠰᠠᠭᠤᠳᠠᠯ ᠢ ᠬᠠᠷᠢᠭᠤ ᠲᠤᠰᠬᠠᠭᠠᠳ᠂ ᠣᠲᠣ ᠨᠢᠭᠡᠨᠲᠡ ᠪᠦᠬᠦᠨ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠢᠳᠡᠭᠡᠨ ᠤ ᠠᠮᠤᠷ ᠲᠦᠪᠰᠢᠨ ᠤ ᠲᠠᠭᠠᠭᠠᠴᠢᠯᠠᠨ ᠬᠠᠷᠢᠭᠤᠴᠠᠬᠤ | ᠠᠵᠢᠯ ᠢ ᠥᠷᠨᠢᠭᠦᠯᠵᠦ᠂ ᠪᠥᠬᠦ ᠬᠤᠰᠢᠭᠤᠨ ᠤ 234 ᠨᠡᠷ᠎ᠡ ᠤᠳᠤᠷᠢᠳᠬᠤ ᠺᠠᠳ᠋ᠷ ᠬᠠᠷᠢᠭᠤᠴᠠᠯᠭ᠎ᠠ ᠡᠬᠦᠷᠭᠡᠯᠡᠬᠦ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠣᠭᠲᠠᠴᠠ ᠶᠢ ᠨᠠᠶᠢᠳᠠᠪᠤᠷᠢᠵᠢᠭᠤᠯᠤᠭᠠᠳ᠂ ᠣᠳᠣᠬᠠᠨ ᠳᠤ ᠬᠠᠷᠢᠶ᠎ᠠ ᠤᠷᠤᠨ ᠤ 1095 ᠡᠷᠦᠬᠡ ᠡᠵᠡᠩᠨᠡᠯᠳᠡ ᠶᠢᠨ | ᠭᠤᠤᠯ ᠴᠣᠭᠴᠠ ᠳᠤ ᠬᠢᠨᠠᠨ ᠵᠢᠯᠣᠭᠤᠳᠬᠤ ᠠᠵᠢᠯ ᠢ ᠬᠢᠵᠡᠢ᠃ |