ᠲᠠᠶᠢᠹᠤᠰᠧ ᠬᠤᠰᠢᠭᠤᠨ ᠤ  ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ︾  ᠠᠵᠢᠯ ᠤᠨ ᠲᠤᠭ᠎ᠠ ᠪᠠᠷᠢᠮᠳᠠ — 5
ᠨᠡᠶᠢᠲᠡᠯᠡᠭᠰᠡᠨ ᠴᠠᠭ᠄
2024/11/20
   11 ᠰᠠᠷ᠎ᠠ ᠶᠢᠨ 19᠎ ᠤ ᠡᠳᠦᠷ ᠲᠠᠶᠢᠹᠤᠰᠧ ᠬᠤᠰᠢᠭᠤᠨ ᠤ ᠬᠢᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂  ᠬᠤᠰᠢᠭᠤᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠳᠤᠭᠤᠶᠢᠯᠠᠩ ᠤᠨ ᠠᠯᠪᠠᠨ ᠭᠡᠷ ᠠᠴᠠ 2024 ᠣᠨ ᠤ ᠬᠠᠮᠢᠶ᠎ᠠ ᠪᠦᠬᠦᠢ ᠠᠵᠢᠯ ᠤᠨ ᠠᠷᠭ᠎ᠠ ᠠᠪᠴᠢᠯ ᠪᠠ ᠦᠷ᠎ᠡ ᠪᠦᠲᠦᠭᠡᠯ ᠢᠶᠠᠨ ᠲᠠᠨᠢᠯᠴᠠᠭᠤᠯᠬᠤ ᠶᠢᠨ ᠬᠠᠮᠲᠤ ᠪᠥᠬᠦ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃     2024 ᠣᠨ ᠳᠤ᠂ ᠭᠤᠤᠯᠳᠠᠯᠭ᠎ᠠ ᠲᠠᠢ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠨᠢᠭᠡᠴᠡ ᠭᠤᠤᠯᠳᠠᠯᠭ᠎ᠠ ᠲᠠᠢ ᠭᠡᠰᠡᠭ ᠲᠤ ᠨᠡᠶᠢᠳᠡ 130 ᠭᠠᠷᠤᠶ ᠤᠳᠠᠭ᠎ᠠ ᠎ ᠶᠢᠨ ᠬᠢᠨᠠᠨ ᠪᠠᠶᠢᠴᠠᠭᠠᠯᠳᠠ ᠬᠢᠵᠦ᠂ 60 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠪᠠᠭᠤᠯᠭᠠᠨ ᠂ 65 ᠭᠤᠤᠯᠳᠠᠯᠭ᠎ᠠ ᠲᠠᠢ ᠬᠠᠷᠠᠯᠲᠠ ᠶᠢ ᠡᠮᠬᠢᠯᠡᠨ ᠲᠣᠭᠲᠠᠭᠠᠵᠤ᠂ ᠬᠤᠰᠢᠭᠤ ᠲᠣᠭᠤᠷᠢᠭ ᠤᠨ  ᠶᠡᠭᠡ ᠲᠠᠯ᠎ᠠ ᠶᠢᠨ ᠠᠮᠤᠷ ᠲᠣᠭᠲᠠᠭᠤᠨ ᠪᠠ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠡᠷᠡᠭᠵᠢᠬᠦᠯᠵᠦ᠂ ᠲᠣᠰᠣ ᠨᠡᠮᠡᠬᠦ ᠥᠷᠲᠡᠭᠡ᠂ ᠲᠡᠷᠭᠡᠨ ᠥᠷᠲᠡᠭᠡ᠂ ᠬᠡᠤᠬᠡᠳ ᠤᠨ ᠴᠡᠴᠡᠷᠯᠢᠭ᠂ ᠰᠤᠷᠭᠠᠭᠤᠯᠢ ᠵᠡᠷᠭᠡ ᠭᠤᠤᠯᠳᠠᠯᠭ᠎ᠠ ᠲᠠᠢ ᠭᠠᠵᠠᠷ ᠲᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢ 10 ᠤᠳᠠᠭ᠎ᠠ ᠵᠣᠬᠢᠶᠠᠨ ᠪᠠᠶᠢᠭᠤᠯᠵᠤ ᠶᠠᠪᠤᠭᠳᠠᠭᠤᠯᠤᠨ᠂  ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠢᠷᠢ ᠴᠢᠳᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠬᠦᠯᠵᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠬᠦᠯᠦᠯ ᠎ ᠤᠨ ᠦᠵᠡᠯ ᠢ ᠡᠰᠡᠷᠭᠦᠴᠡᠬᠦ ᠬᠠᠤᠯᠢ︾᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠰᠡᠷᠭᠡᠶᠢᠯᠡᠬᠦ ᠦᠨᠳᠦᠰᠦᠨ ᠮᠡᠳᠡᠯᠭᠡ ᠵᠢᠴᠢ ᠡᠯ᠎ᠡ ᠲᠥᠷᠥᠯ ᠤᠨ ᠰᠦᠷᠳᠡᠬᠦᠯᠦᠯ ᠤᠨ ᠠᠵᠢᠯᠯᠠᠭᠠᠨ ᠤ ᠣᠨᠴᠠᠯᠢᠭ᠂ ᠬᠤᠣᠷ ᠬᠥᠨᠥᠭᠡᠯ  ᠵᠡᠷᠭᠡ ᠶᠢᠨ ᠲᠤᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ 38 ᠤᠳᠠᠭ᠎ᠠ ᠥᠷᠨᠢᠭᠦᠯᠵᠦ᠂ ᠣᠯᠠᠨ ᠲᠦᠮᠡᠨ ᠤ ᠰᠦᠷᠳᠡᠭᠦᠯᠦᠯ ᠢ ᠮᠡᠳᠡᠬᠦ᠂ ᠰᠦᠷᠳᠡᠭᠦᠯᠦᠯ ᠢ ᠰᠡᠷᠭᠡᠶᠢᠯᠡᠬᠦ᠂ ᠰᠦᠷᠳᠡᠭᠦᠯᠦᠯ ᠢ ᠡᠰᠡᠷᠭᠦᠴᠡᠬᠦ ᠠᠮᠤᠷ ᠲᠦᠪᠰᠢᠨ ᠤ ᠤᠬᠠᠮᠰᠠᠷ ᠪᠠ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠲᠦᠮᠵᠢᠲᠡᠶ ᠲᠡᠭᠡᠭᠰᠢᠯᠡᠬᠦᠯᠦᠨ᠂ ᠰᠦᠷᠳᠡᠭᠦᠯᠦᠯ ᠢ ᠡᠰᠡᠷᠭᠦᠴᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠰᠦᠷᠳᠡᠭᠦᠯᠦᠯ ᠢ ᠡᠰᠡᠷᠭᠦᠴᠡᠬᠦ ᠳᠤ ᠪᠦᠬᠦ ᠨᠡᠶᠢᠭᠡᠮ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号