ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠤᠪᠴᠢᠶᠠᠨ ᠤ ᠬᠢᠨ ᠾᠸᠢ ᠴᠢᠦᠶ ᠱᠠᠨ ᠲᠣᠰᠬᠤᠨ ᠳᠤ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/11/20
  11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠲᠠᠩ ᠰᠢᠶᠤᠤ ᠮᠢᠩ ᠵᠡᠷᠭᠡ ᠬᠦᠮᠦᠰ ᠲᠠᠭᠠᠭᠠᠴᠢᠯᠠᠭᠰᠠᠨ ᠴᠡᠭ ᠪᠤᠯᠬᠤ ᠯᠦᠸᠧ ᠲᠦᠸᠧ ᠱᠠᠨ ᠪᠠᠯᠭᠠᠰᠤᠨ ᠤ ᠾᠸᠢ ᠴᠢᠦᠶ ᠱᠠᠨ ᠲᠣᠰᠬᠤᠨ ᠳᠤ ᠬᠦᠨᠵᠡᠬᠡᠶᠢᠷᠡᠵᠦ ᠬᠠᠯᠠᠮᠵᠢᠯᠠᠨ ᠲᠣᠬᠤᠨᠢᠭᠤᠯᠬᠤ ᠠᠵᠢᠯ ᠥᠷᠨᠢᠭᠦᠯᠪᠡ᠃ ᠲᠠᠩ ᠰᠢᠶᠤᠤ ᠮᠢᠩ ᠵᠡᠷᠭᠡ ᠬᠦᠮᠦᠰ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠲᠠᠢ ᠶᠠᠷᠢᠯᠴᠠᠵᠤ᠂ ᠬᠥᠳᠡᠭᠡ ᠲᠣᠰᠬᠤᠨ ᠤ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠭᠰᠠᠨ ᠤ ᠬᠠᠮᠳᠤ ᠬᠢᠨᠠᠨ ᠬᠡᠮᠵᠢᠬᠦ ᠨᠢᠭᠤᠷᠯᠠᠯ ᠪᠤᠯᠬᠤ 4 ᠡᠷᠦᠬᠡ ᠪᠠᠷ ᠤᠷᠤᠵᠤ᠂ ᠲᠡᠳᠡᠨ ᠤ  ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂  ᠬᠦᠴᠢᠷᠳᠡᠯ ᠵᠤᠪᠠᠨᠢᠯ ᠪᠠ ᠬᠦᠰᠡᠯ ᠱᠠᠭᠠᠷᠳᠠᠯᠭ᠎ᠠ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠰᠠᠨ ᠪᠠᠶᠢᠳᠠᠯ ᠢ ᠨᠠᠷᠢᠨ ᠬᠢᠨᠠᠮᠠᠭᠠᠶ ᠠᠰᠠᠭᠤᠵᠤ ᠤᠶᠢᠯᠠᠭᠠᠨ᠂ ᠡᠷᠦᠬᠡ ᠪᠦᠷᠢ ᠳᠤ 500 ᠲᠥᠭᠦᠷᠢᠭ ᠤᠨ ᠲᠤᠬᠤᠨᠢᠭᠤᠯᠭ᠎ᠠ ᠶᠢᠨ ᠮᠥᠩᠭᠦ   ᠶᠢ ᠭᠠᠷᠳᠠᠭᠤᠯᠵᠤ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号