ᠶᠦᠩ ᠹᠧᠩ  ᠪᠠᠯᠭᠠᠰᠤᠨ ᠤ ᠬᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/11/20
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠤᠯᠠᠮ ᠭᠦᠨᠵᠡᠭᠡᠶᠢᠷᠡᠭᠦᠯᠬᠦ ᠶᠢᠨ ᠲᠥᠯᠥᠭᠡ᠂ 11 ᠰᠠᠷ᠎ᠠ ᠶᠢᠨ 18 ᠤ ᠡᠳᠦᠷ ᠶᠦᠩ ᠹᠧᠩ ᠪᠠᠯᠭᠠᠰᠤᠨ ᠤ ᠡᠯ᠎ᠡ ᠲᠣᠰᠬᠤᠨ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠡᠯ᠎ᠡ ᠲᠣᠰᠬᠤᠨ ᠤ ᠱᠦᠵᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠲᠠᠶᠢᠯᠤᠮᠵᠢ ᠬᠢᠭᠰᠡᠨ ᠪᠠᠶᠢᠨ᠎ᠠ᠃ ᠤᠬᠠᠭᠤᠯᠭ᠎ᠠ ᠲᠠᠶᠢᠯᠤᠮᠵᠢ ᠨᠢ ᠵᠢᠱᠢᠶ᠎ᠡ ᠲᠠᠲᠠᠬᠤ᠂ ᠦᠯᠢᠭᠡᠷ ᠶᠠᠷᠢᠬᠤ᠂ ᠲᠤᠷᠰᠢᠯᠭ᠎ᠠ ᠪᠠᠨ ᠰᠤᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠠᠳ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠪᠰᠤᠷᠤᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠪᠠᠳᠤᠳᠬᠠᠬᠤ ᠭᠦᠨᠵᠡᠭᠡᠶ ᠠᠭᠤᠯᠤᠭᠳᠠᠬᠤᠨ ᠢ ᠣᠨᠣᠪᠴᠢᠲᠠᠶ ᠡᠵᠡᠮᠰᠢᠬᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠨᠢᠬᠳᠠᠷᠠᠯ ᠤᠨ ᠴᠢᠬᠤᠯᠠ ᠴᠢᠨᠠᠷ ᠤᠨ ᠲᠤᠬᠠᠶ ᠦᠵᠡᠯᠳᠡ ᠲᠠᠨᠢᠯᠲᠠ ᠶᠢ ᠬᠦᠨᠵᠡᠬᠡᠶᠢᠷᠡᠬᠦᠯᠵᠡᠢ᠃  ᠤᠬᠠᠭᠤᠯᠭ᠎ᠠ ᠲᠠᠶᠢᠯᠤᠮᠵᠢ ᠶᠢ ᠰᠤᠨᠤᠰᠤᠭᠰᠠᠨ  ᠦᠨᠳᠦᠰᠦᠲᠡᠨ ᠨᠦᠭᠦᠳ ᠤᠨ ᠤᠯᠠᠨ ᠲᠦᠮᠡᠨ᠂  ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠨᠢᠬᠡᠨ ᠭᠡᠰᠢᠭᠦᠨ ᠪᠣᠯᠤᠭᠰᠠᠨ ᠤ ᠬᠤᠪᠢ ᠳᠤ᠂  ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠤᠷᠤᠭᠰᠢᠯᠠᠨ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠳᠠᠭᠤᠷᠢᠶᠠᠯ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠨ᠎ᠡ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤ ᠨᠢ ᠡᠯ᠎ᠡ ᠲᠦᠷᠦᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠪᠤᠳᠠᠳᠠᠢ ᠲᠠᠢ ᠤᠶᠠᠯᠳᠤᠭᠤᠯᠤᠨ ᠯᠠᠪᠳᠠᠭᠤᠨ ᠪᠠᠲᠤᠲᠠᠢ ᠥᠷᠨᠢᠭᠦᠯᠵᠦ᠂  ᠠᠷᠠᠳ ᠢᠷᠭᠡᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠲᠠᠰᠤᠷᠠᠯᠲᠠ ᠦᠭᠡᠢ  ᠴᠢᠩᠭᠠᠳᠬᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠢᠯᠣᠭᠤᠳᠴᠤ ᠪᠠᠶᠢᠭᠠᠳ ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ   ᠢᠶᠠᠨ ᠦᠭᠡ ᠶᠢ ᠰᠤᠨᠤᠰᠬᠤ᠂ ᠨᠠᠮ ᠢᠶᠠᠨ ᠲᠠᠭᠠᠵᠤ ᠤᠷᠤᠭᠰᠢᠯᠠᠬᠤ ᠶᠢ ᠦᠨᠡᠨᠬᠦ ᠪᠡᠶᠡᠯᠡᠬᠦᠯᠵᠦ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号