ᠯᠦᠸᠧ ᠲᠦᠸᠧ ᠱᠠᠨ ᠪᠠᠯᠭᠠᠰᠤᠨ ᠤ ᠬᠢᠨ  ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠥᠷᠲᠡᠭᠡ︾  ᠪᠠᠷ ᠲᠣᠭᠤᠷᠢᠨ ᠦᠵᠡᠵᠦ ᠲᠤᠷᠰᠢᠯᠭ᠎ᠠ ᠰᠤᠯᠢᠯᠴᠠᠪᠠ
ᠨᠡᠶᠢᠲᠡᠯᠡᠭᠰᠡᠨ ᠴᠠᠭ᠄
2024/11/20
  ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠲᠡᠷᠢᠭᠦᠨ ᠤ ᠠᠷᠭ᠎ᠠ ᠲᠤᠷᠰᠢᠯᠭ᠎ᠠ ᠪᠠᠷ ᠲᠣᠯᠢ ᠪᠤᠯᠭᠠᠨ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠬᠦᠢᠴᠡᠳᠭᠡᠬᠦ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 19 ᠤ ᠡᠳᠦᠷ ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ︽ᠠᠷᠠᠳ ᠤᠨ  ᠲᠦᠯᠦᠭᠡᠯᠡᠭᠴᠢ ᠶᠢᠨ ᠬᠠᠷᠢᠯᠴᠠᠬᠤ ᠥᠷᠲᠡᠭᠡ︾   ᠪᠠᠷ ᠲᠣᠭᠤᠷᠢᠨ ᠦᠵᠡᠵᠦ ᠲᠤᠷᠰᠢᠯᠭ᠎ᠠ  ᠰᠤᠯᠢᠯᠴᠠᠬᠤ ᠠᠵᠢᠯᠯᠠᠭ᠎ᠠ ᠥᠷᠨᠢᠭᠦᠯᠪᠡ᠃  ᠡᠨᠡ ᠤᠳᠠᠭ᠎ᠠ ᠤᠯᠠᠨ ᠢᠶᠠᠷ ᠢᠶᠠᠨ ᠾᠸᠢ ᠴᠢᠦᠶ ᠱᠠᠨ ᠲᠣᠰᠬᠤᠨ ᠳᠤ ᠬᠦᠨᠵᠡᠬᠡᠶᠢᠷᠡᠵᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠲᠤᠰᠬᠤᠨ ᠤ ︽ᠠᠷᠠᠳ ᠤᠨ ᠲᠥᠯᠥᠭᠡᠯᠡᠭᠴᠢ ᠶᠢᠨ ᠬᠠᠷᠢᠯᠴᠠᠬᠤ ᠦᠷᠳᠡᠭᠡᠨ︾ ᠤ ᠠᠵᠢᠯ ᠤᠨ ᠪᠠᠶᠢᠳᠠᠯ ᠢ ᠲᠣᠭᠤᠷᠢᠨ ᠦᠵᠡᠵᠦ᠂  ᠬᠠᠷᠢᠯᠴᠠᠬᠤ ᠦᠷᠳᠡᠭᠡᠨ ᠤ ᠲᠦᠷᠢᠮ ᠤᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ᠂ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ᠂  ᠦᠷᠨᠢᠬᠦᠯᠦᠭᠰᠡᠨ ᠬᠦᠳᠡᠯᠪᠦᠷᠢ ᠠᠵᠢᠯᠯᠠᠭ᠎ᠠ ᠵᠡᠷᠭᠡ ᠲᠠᠯ᠎ᠠ ᠪᠠᠷ ᠨᠠᠷᠢᠨ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠠᠮᠲᠤ ᠪᠠᠷ ᠰᠤᠳᠤᠯᠤᠨ ᠶᠠᠷᠢᠯᠴᠠᠵᠠᠢ᠃ ᠲᠥᠯᠥᠭᠡᠯᠡᠭᠴᠢᠳ ᠢᠯᠡᠷᠭᠡᠶᠢᠯᠡᠬᠦ ᠳᠡᠭᠡᠨ᠂ ᠡᠨᠡ ᠤᠳᠠᠭᠠᠨ ᠤ ᠲᠤᠭᠤᠷᠢᠨ ᠦᠵᠡᠵᠦ ᠲᠤᠷᠰᠢᠯᠭ᠎ᠠ ᠰᠤᠯᠢᠯᠴᠠᠬᠤ ᠠᠵᠢᠯᠯᠠᠭ᠎ᠠ ᠨᠢ ᠠᠭᠤᠯᠭ᠎ᠠ ᠪᠠᠷ ᠪᠠᠶᠠᠨ᠂ ᠭᠤᠣᠯᠳᠠᠯᠭ᠎ᠠ ᠪᠠᠷ ᠲᠤᠪᠤᠶᠢᠮ᠎ᠠ᠂ ᠭᠡᠷᠡᠭᠴᠡᠭᠡ ᠪᠠᠷ ᠪᠣᠳᠠᠲᠠᠢ ᠠᠵᠢᠯᠯᠠᠭ᠎ᠠ ᠪᠤᠯᠵᠤ᠂ ᠰᠢᠨ᠎ᠡ ᠴᠢᠭᠯᠡᠯ ᠢ ᠵᠢᠭᠠᠵᠤ ᠰᠢᠨ᠎ᠡ ᠰᠡᠳᠬᠢᠴᠡ ᠶᠢ ᠬᠠᠩᠭᠠᠯ᠎ᠠ᠂ ︽ᠠᠷᠠᠳ ᠤᠨ ᠲᠥᠯᠥᠭᠡᠯᠡᠭᠴᠢ ᠶᠢᠨ ᠬᠠᠷᠢᠯᠴᠠᠬᠤ ᠦᠷᠳᠡᠭᠡᠨ︾ ᠤ  ᠰᠠᠶᠢᠨ ᠠᠷᠭ᠎ᠠ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳ᠋ᠦᠩᠨᠡᠵᠦ᠂  ︽ᠠᠷᠠᠳ ᠤᠨ ᠲᠥᠯᠥᠭᠡᠯᠡᠭᠴᠢ ᠶᠢᠨ ᠬᠠᠷᠢᠯᠴᠠᠬᠤ ᠦᠷᠳᠡᠭᠡᠨ︾ ᠤ ᠪᠦᠳᠦᠬᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠲᠣᠭᠤᠷᠢᠨ ᠰᠤᠷᠤᠯᠴᠠᠭᠰᠠᠨ ᠦᠷ᠎ᠡ ᠪᠦᠲᠦᠭᠡᠯ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠪᠠᠨ ᠲᠤᠤᠱᠯᠠᠭᠤᠯᠤᠨ᠎ᠠ ᠭᠡᠪᠡ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号