ᠲᠠᠶᠢᠹᠤᠰᠧ ᠬᠤᠰᠢᠭᠤᠨ ᠤ  ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ︾  ᠠᠵᠢᠯ ᠤᠨ ᠲᠤᠭ᠎ᠠ ᠪᠠᠷᠢᠮᠳᠠ —3
ᠨᠡᠶᠢᠲᠡᠯᠡᠭᠰᠡᠨ ᠴᠠᠭ᠄
2024/11/20
   11 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ ᠬᠢᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂  ᠬᠤᠰᠢᠭᠤᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠳᠤᠭᠤᠶᠢᠯᠠᠩ ᠤᠨ ᠠᠯᠪᠠᠨ ᠭᠡᠷ ᠠᠴᠠ 2024 ᠣᠨ ᠤ ᠬᠠᠮᠢᠶ᠎ᠠ ᠪᠦᠬᠦᠢ ᠠᠵᠢᠯ ᠤᠨ ᠠᠷᠭ᠎ᠠ ᠠᠪᠴᠢᠯ ᠪᠠ ᠦᠷ᠎ᠡ ᠪᠦᠲᠦᠭᠡᠯ ᠢᠶᠠᠨ ᠲᠠᠨᠢᠯᠴᠠᠭᠤᠯᠬᠤ ᠶᠢᠨ ᠬᠠᠮᠲᠤ ᠪᠥᠬᠦ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃     2024 ᠣᠨ ᠳᠤ᠂ ᠠᠶᠤᠯᠭᠦᠶ ᠦᠢᠯᠡᠳᠪᠦᠷᠢᠯᠡᠯ ᠤᠨ ᠬᠦᠷᠢᠶ᠎ᠡ ᠴᠠᠷᠠᠭᠠᠨ ᠳᠠᠬᠢ ᠳᠠᠯᠳᠠ ᠬᠡᠮ ᠢ ᠢᠳᠡᠪᠬᠢᠲᠡᠶ  ᠪᠠᠶᠢᠴᠠᠭᠠᠨ ᠴᠡᠭᠴᠡᠯᠡᠵᠦ᠂ ᠪᠥᠬᠦ ᠬᠤᠰᠢᠭᠤ ᠪᠠᠷ ᠢᠶᠠᠨ ᠨᠡᠶᠢᠳᠡ 367 ᠤᠳᠠᠭ᠎ᠠ ᠬᠦᠳᠡᠯᠦᠯᠴᠡᠨ᠂  ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ 2980 ᠤᠳᠠᠭ᠎ᠠ ᠪᠠᠶᠢᠴᠠᠭᠠᠵᠤ᠂ 2184 ᠬᠤᠪᠢ ᠳᠠᠯᠳᠠ ᠬᠡᠮ ᠢ ᠢᠯᠡᠷᠡᠬᠦᠯᠦᠭᠡᠳ ᠂ 2104 ᠶᠢ ᠨᠢ  ᠴᠡᠭᠴᠡᠯᠡᠨ ᠰᠠᠶᠢᠵᠢᠷᠠᠭᠤᠯᠵᠤ᠂ 484 ᠬᠤᠪᠢ ᠱᠠᠭᠠᠷᠳᠠᠨ ᠴᠡᠭᠴᠡᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ 58.246 ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠤᠯᠭᠤᠭᠰᠠᠨ ᠪᠠᠶᠢᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠭᠦᠶ ᠦᠢᠯᠡᠳᠪᠦᠷᠢᠯᠡᠯ ᠤᠨ ᠰᠣᠯᠪᠢᠴᠠᠨ ᠪᠠᠶᠢᠴᠠᠭᠠᠬᠤ ᠠᠵᠢᠯ ᠢ 2 ᠤᠳᠠᠭ᠎ᠠ ᠥᠷᠨᠢᠭᠦᠯᠵᠦ᠂ ᠨᠡᠶᠢᠲᠡ 156 ᠠᠰᠠᠭᠤᠳᠠᠯ ᠢ ᠬᠠᠷᠢᠭᠤ ᠲᠤᠰᠬᠠᠭᠠᠳ᠂ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠢᠳᠡᠭᠡᠨ ᠤ ᠠᠮᠤᠷ ᠲᠦᠪᠰᠢᠨ ᠤ ᠲᠠᠭᠠᠭᠠᠴᠢᠯᠠᠨ ᠬᠠᠷᠢᠭᠤᠴᠠᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠤ 234 ᠨᠡᠷ᠎ᠡ ᠤᠳᠤᠷᠢᠳᠬᠤ ᠺᠠᠳ᠋ᠷ ᠬᠠᠷᠢᠭᠤᠴᠠᠯᠭ᠎ᠠ ᠡᠬᠦᠷᠭᠡᠯᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠭᠠᠳ᠂ ᠣᠳᠣᠬᠠᠨ ᠳᠤ ᠬᠠᠷᠢᠶ᠎ᠠ ᠤᠷᠤᠨ ᠤ 1095 ᠡᠷᠦᠬᠡ ᠡᠵᠡᠩᠨᠡᠯᠳᠡ ᠶᠢᠨ ᠭᠤᠤᠯ ᠴᠣᠭᠴᠠ ᠳᠤ ᠬᠢᠨᠠᠨ ᠵᠢᠯᠣᠭᠤᠳᠬᠤ ᠠᠵᠢᠯ ᠢ ᠬᠢᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号