ᠲᠠᠶᠢᠹᠤᠰᠧ ᠬᠤᠰᠢᠭᠤᠨ ᠤ  ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ︾  ᠠᠵᠢᠯ ᠤᠨ ᠲᠤᠭ᠎ᠠ ᠪᠠᠷᠢᠮᠳᠠ — 4
ᠨᠡᠶᠢᠲᠡᠯᠡᠭᠰᠡᠨ ᠴᠠᠭ᠄
2024/11/20
   11 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ ᠬᠢᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂  ᠬᠤᠰᠢᠭᠤᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠳᠤᠭᠤᠶᠢᠯᠠᠩ ᠤᠨ ᠠᠯᠪᠠᠨ ᠭᠡᠷ ᠠᠴᠠ 2024 ᠣᠨ ᠤ ᠬᠠᠮᠢᠶ᠎ᠠ ᠪᠦᠬᠦᠢ ᠠᠵᠢᠯ ᠤᠨ ᠠᠷᠭ᠎ᠠ ᠠᠪᠴᠢᠯ ᠪᠠ ᠦᠷ᠎ᠡ ᠪᠦᠲᠦᠭᠡᠯ ᠢᠶᠠᠨ ᠲᠠᠨᠢᠯᠴᠠᠭᠤᠯᠬᠤ ᠶᠢᠨ ᠬᠠᠮᠲᠤ ᠪᠥᠬᠦ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃    2024 ᠣᠨ ᠳᠤ᠂  ᠪᠥᠬᠦ ᠬᠤᠰᠢᠭᠤᠨ ᠤ ᠬᠢᠨ ᠨᠡᠶᠢᠲᠡ 85 ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠬᠦᠢᠴᠡᠳᠬᠡᠵᠦ᠂ ᠡᠭᠦᠨ ᠳᠤ ᠬᠤᠰᠢᠭᠤ ᠱᠠᠳᠤᠨ ᠤ ᠬᠢᠨ 20 ᠤᠳᠠᠭ᠎ᠠ  ᠂ ᠡᠯ᠎ᠡ ᠭᠠᠴᠠᠭ᠎ᠠ ᠲᠣᠰᠬᠤᠨ ᠤ ᠬᠢᠨ 58 ᠤᠳᠠᠭ᠎ᠠ  ᠂ ᠰᠤᠮᠤ ᠰᠢᠶᠠᠩ ᠪᠠᠯᠭᠠᠰᠤᠨ ᠤ ᠬᠢᠨ 7 ᠤᠳᠠᠭ᠎ᠠ ᠣᠷᠣᠯᠠᠨ ᠬᠦᠢᠴᠡᠳᠭᠡᠭᠡᠳ᠂ ᠣᠳᠣ ᠪᠣᠯᠲᠠᠯ᠎ᠠ ᠪᠦᠬᠦᠨ ᠢ ᠰᠢᠢᠳᠪᠦᠷᠢᠯᠡᠵᠦ ᠲᠠᠭᠤᠰᠬᠠᠭᠰᠠᠨ ᠪᠠᠶᠢᠨ᠎ᠠ᠃ ᠵᠥᠷᠢᠴᠡᠯ ᠵᠢᠭᠤᠷᠠᠭᠠᠨ ᠢ ᠪᠠᠶᠢᠴᠠᠭᠠᠨ ᠠᠷᠢᠯᠭᠠᠬᠤ ᠲᠤᠰᠬᠠᠶ ᠠᠵᠢᠯᠯᠠᠭ᠎ᠠ  ᠥᠷᠨᠢᠭᠦᠯᠵᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠤᠷᠢ᠂ ᠲᠣᠮᠢᠯᠠᠭᠰᠠᠨ ᠰᠠᠯᠪᠤᠷᠢ᠂ ᠡᠶᠡᠳᠡᠬᠦᠯᠭᠡ ᠶᠢᠨ ᠲᠥᠪ   ᠨᠢ ᠨᠡᠶᠢᠲᠡ 3209 ᠤᠳᠠᠭᠠᠨ ᠤ ᠵᠥᠷᠢᠴᠡᠯ ᠵᠢᠭᠤᠷᠠᠭᠠᠨ ᠢ ᠪᠠᠶᠢᠴᠠᠭᠠᠨ ᠢᠯᠡᠷᠡᠬᠦᠯᠵᠦ᠂  2980 ᠬᠡᠷᠡᠭ ᠢ ᠨᠢᠬᠡᠨᠳᠡ ᠰᠢᠢᠳᠪᠦᠷᠢᠯᠡᠭᠡᠳ᠂ ᠰᠢᠢᠳᠪᠦᠷᠢᠯᠡᠭᠰᠡᠨ ᠨᠣᠷᠮ᠎ᠠ 92.8 % ᠳᠤ ᠬᠦᠷᠴᠦ᠂ ᠡᠯ᠎ᠡ ᠲᠦᠷᠦᠯ ᠤᠨ ᠲᠣᠭᠲᠠᠭᠤᠨ ᠪᠤᠰᠤ ᠬᠦᠴᠦᠨ ᠵᠦᠢᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠨ᠂ ᠵᠥᠷᠢᠴᠡᠯ ᠵᠢᠭᠤᠷᠠᠭᠠᠨ ᠢ ᠦᠨᠳᠦᠰᠦᠨ ᠱᠠᠲᠤᠨ ᠳᠤᠨᠢ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号