ᠲᠥᠯᠥᠭᠡᠯᠡᠭᠴᠢ ᠭᠡᠰᠢᠭᠦᠳ ᠰᠠᠶᠢᠨ ᠰᠠᠨᠠᠭᠤᠯᠭ᠎ᠠ ᠭᠠᠷᠭᠠᠵᠤ ᠰᠢᠭᠦᠬᠦ ᠬᠤᠷᠢᠶ᠎ᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠎ᠡ
ᠨᠡᠶᠢᠲᠡᠯᠡᠭᠰᠡᠨ ᠴᠠᠭ᠄
2024/11/21
  ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠬᠤᠯᠪᠣᠭ᠎ᠠ ᠠᠪᠬᠤ ᠠᠵᠢᠯ ᠢ ᠤᠯᠠᠮ ᠭᠦᠨᠵᠡᠭᠡᠶᠢᠷᠡᠭᠦᠯᠬᠦ ᠶᠢᠨ ᠲᠥᠯᠥᠭᠡ᠂ 11 ᠰᠠᠷ᠎ᠠ ᠶᠢᠨ 19᠎ ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ︽ᠲᠥᠯᠥᠭᠡᠯᠡᠭᠴᠢ ᠭᠡᠰᠢᠭᠦᠳ ᠤᠨ ᠨᠡᠭᠡᠭᠡᠯᠲᠡᠲᠦ ᠡᠳᠦᠷ︾᠎ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠰᠢᠭᠦᠬᠦ  ᠬᠤᠷᠢᠶᠠᠨ ᠳᠠᠭᠠᠨ ᠤᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠨᠠᠩ ᠰᠠᠶᠢᠨ ᠬᠦᠯᠢᠶᠡᠵᠦ᠂ ᠰᠢᠭᠦᠬᠦ ᠬᠤᠷᠢᠶᠠᠨ ᠤ ᠠᠵᠢᠯ ᠤᠨ ᠲᠤᠬᠠᠶ ᠲᠥᠯᠥᠭᠡᠯᠡᠭᠴᠢᠳ ᠭᠡᠰᠢᠭᠦᠳ ᠤᠨ ᠮᠡᠳᠡᠷᠡᠮᠵᠢ ᠶᠢᠨ ᠬᠡᠮᠵᠢᠶ᠎ᠡ  ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃  ᠰᠢᠬᠦᠬᠦ ᠲᠢᠩᠬᠢᠮ ᠳᠤ᠂ ᠲᠥᠯᠥᠭᠡᠯᠡᠭᠴᠢᠳ ᠭᠡᠰᠢᠭᠦᠳ ᠨᠢᠭᠡ ᠤᠳᠠᠭᠠᠨ ᠤ ᠢᠷᠭᠡᠨ ᠤ ᠬᠡᠷᠡᠭ ᠤᠨ ᠰᠢᠭᠦᠨ ᠲᠠᠰᠤᠯᠤᠯᠲᠠ ᠶᠢ ᠰᠤᠯᠠ ᠰᠣᠨᠣᠰᠴᠤ᠂ ᠬᠠᠤᠯᠢ ᠴᠠᠭᠠᠵᠠ ᠶᠢᠨ ᠲᠥᠪ ᠭᠤᠣᠯᠴᠢ ᠪᠠ ᠡᠷᠬᠡ ᠰᠦᠷ ᠢ ᠣᠶᠢᠷ᠎ᠠ ᠵᠠᠢ ᠠᠴᠠ ᠤᠶᠢᠯᠠᠭᠠᠭᠰᠠᠨ ᠪᠦᠭᠡᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠦᠭᠡᠳ  ᠰᠢᠭᠦᠬᠦ ᠬᠤᠷᠢᠶᠠᠨ ᠤ ᠣᠨᠴᠠ ᠤᠷᠢᠭᠰᠠᠨ ᠢᠷᠭᠡᠨ ᠤ ᠬᠡᠷᠡᠭ ᠤᠨ ᠡᠶᠡᠳᠡᠭᠦᠯᠦᠭᠴᠢ ᠶᠠᠩ ᠶᠠᠨ ᠬᠤᠩ  ᠪᠠᠰᠠ ᠵᠢᠭᠡᠯᠡᠯᠭᠡ ᠶᠢᠨ ᠪᠠᠲᠤᠯᠠᠭ᠎ᠠ ᠳᠤ ᠬᠤᠯᠪᠣᠭᠳᠠᠭᠰᠠᠨ ᠨᠢᠭᠡᠨ ᠭᠡᠷᠡᠭ ᠤᠨ ᠡᠶᠡᠳᠡᠭᠦᠯᠭᠡ ᠳᠤ ᠤᠷᠤᠯᠴᠠᠭᠰᠠᠨ ᠪᠠᠶᠢᠨ᠎ᠠ᠃  ᠰᠢᠬᠦᠨ ᠲᠠᠰᠤᠯᠤᠯᠳᠠ ᠪᠠ ᠡᠶᠡᠳᠡᠭᠦᠯᠭᠡ ᠶᠢᠨ ᠠᠵᠢᠯ ᠳᠠᠭᠤᠰᠤᠭᠰᠠᠨ ᠤ ᠳᠠᠷᠠᠭ᠎ᠠ᠂ ᠰᠢᠭᠦᠬᠦ ᠬᠤᠷᠢᠶ᠎ᠠ ᠨᠢ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠳᠡᠭᠡᠷ᠎ᠡ ᠲᠥᠯᠥᠭᠡᠯᠡᠭᠴᠢ ᠪᠠ ᠭᠡᠰᠢᠭᠦᠳ ᠠᠴᠠ ᠶᠠᠷᠢᠶ᠎ᠠ ᠲᠠᠯᠪᠢᠵᠤ᠂ ᠲᠣᠰ ᠲᠣᠰ ᠤᠨ ᠠᠵᠢᠯ ᠲᠥᠷᠥᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠠᠰᠠᠭᠤᠳᠠᠯ ᠢ ᠲᠤᠷᠠᠳᠬᠤ ᠶᠢᠨ ᠬᠠᠮᠳᠤ ᠬᠠᠤᠯᠢ ᠲᠦᠷᠢᠮ ᠤᠨ ᠤᠬᠠᠭᠤᠯᠭ᠎ᠠ᠂ ᠠᠳᠠᠯ ᠠᠬᠤᠶ ᠶᠢᠨ ᠵᠢᠭᠤᠷᠠᠯᠳᠤᠭᠠᠨ ᠵᠡᠷᠭᠡ ᠳᠤ ᠬᠤᠯᠪᠤᠭᠳᠠᠭᠰᠠᠨ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠶᠢ ᠲᠤᠷᠠᠳᠴᠠᠢ᠃ ᠰᠢᠭᠦᠬᠦ ᠬᠤᠷᠢᠶᠠᠨ ᠎ ᠤ ᠬᠠᠮᠢᠶ᠎ᠠ ᠪᠦᠬᠦᠢ  ᠠᠵᠢᠯᠲᠠᠳ ᠠᠴᠠ ᠲᠥᠯᠥᠭᠡᠯᠡᠭᠴᠢᠳ ᠪᠠ ᠭᠡᠰᠢᠭᠦᠳ ᠤᠨ ᠲᠤᠷᠠᠳᠤᠭᠰᠠᠨ ᠠᠰᠠᠭᠤᠯᠲᠠ ᠳᠤ ᠨᠠᠷᠢᠨ ᠨᠢᠮᠪᠠᠢ ᠬᠠᠷᠢᠭᠤᠯᠳᠠ ᠦᠭᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢᠶᠠᠨ ᠲᠠᠨᠢᠯᠴᠠᠭᠤᠯᠪᠠ᠃ ᠲᠥᠯᠥᠭᠡᠯᠡᠭᠴᠢᠳ ᠭᠡᠰᠢᠭᠦᠳ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠲᠠᠢ ᠤᠶᠠᠯᠳᠤᠭᠤᠯᠤᠨ ᠥᠪᠡᠷ ᠥᠪᠡᠷ ᠤᠨ ᠰᠠᠨᠠᠯ ᠢᠶᠠᠨ ᠲᠡᠯᠬᠡᠵᠦ᠂ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠲᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠭᠰᠠᠨ ᠪᠠᠶᠢᠨ᠎ᠠ᠃ ᠬᠤᠷᠠᠯ ᠤᠨ ᠲᠠᠷᠠᠭ᠎ᠠ᠂ ᠲᠥᠯᠥᠭᠡᠯᠡᠭᠴᠢᠳ ᠭᠡᠰᠢᠭᠦᠳ ᠰᠢᠭᠦᠬᠦ ᠬᠤᠷᠢᠶᠠᠨ ᠤ ᠬᠡᠷᠡᠭ ᠪᠣᠯᠭᠠᠨ ᠳᠠᠩᠰᠠᠯᠠᠬᠤ ᠲᠢᠩᠬᠢᠮ ︵ᠵᠠᠷᠭᠤ ᠶᠢᠨ ᠦᠢᠯᠡᠴᠢᠯᠡᠭᠡᠨ ᠤ ᠲᠥᠪ︶᠂ ᠵᠥᠷᠢᠴᠡᠯ ᠵᠢᠭᠤᠷᠠᠯᠳᠤᠭᠠᠨ ᠰᠢᠢᠳᠪᠦᠷᠢᠯᠡᠬᠦ ᠲᠥᠪ ᠢ ᠲᠣᠭᠤᠷᠢᠨ ᠦᠵᠡᠵᠦ᠂ ᠰᠢᠭᠦᠬᠦ ᠬᠤᠷᠢᠶᠠᠨ ᠤ ᠠᠵᠢᠯ ᠳᠤ ᠨᠡᠩ ᠪᠦᠬᠦ ᠲᠠᠯ᠎ᠠ ᠶᠢᠨ ᠲᠠᠨᠢᠯᠲᠠ ᠪᠠ ᠣᠶᠢᠯᠠᠭᠠᠯᠲᠠ ᠲᠠᠢ ᠪᠣᠯᠪᠠ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠲᠥᠯᠥᠭᠡᠯᠡᠭᠴᠢ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠵᠠᠳᠠᠯᠤᠨ ᠰᠤᠳᠤᠯᠵᠤ ᠰᠢᠢᠳᠪᠦᠷᠢᠯᠡᠨ᠂ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠢ ᠨᠡᠮᠡᠭᠳᠡᠭᠦᠯᠵᠦ᠂ ᠠᠷᠠᠳ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠢᠭᠦᠬᠦ ᠬᠤᠷᠢᠶᠠᠨ ᠤ ᠠᠵᠢᠯ ᠤᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠨ᠂ ᠲᠠᠶᠢᠹᠤᠰᠧ ᠬᠤᠰᠢᠭᠤᠨ ᠤ ᠰᠢᠭᠦᠬᠦ ᠬᠤᠷᠢᠶᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号