ᠪᠤᠤᠴᠠᠩ ᠪᠠᠯᠭᠠᠰᠤᠨ ᠤ ᠬᠢᠨ ᠭᠠᠯ ᠰᠡᠷᠭᠡᠶᠢᠯᠡᠬᠦ ᠪᠣᠯᠪᠠᠰᠤᠷᠠᠯ ᠬᠢᠭᠰᠡᠨ
ᠨᠡᠶᠢᠲᠡᠯᠡᠭᠰᠡᠨ ᠴᠠᠭ᠄
2024/11/21
  ᠪᠦᠬᠦ ᠪᠠᠯᠭᠠᠰᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠨ ᠬᠢᠵᠦ᠂ ᠨᠡᠶᠢᠭᠡᠮ ᠲᠣᠭᠤᠷᠢᠭ ᠤᠨ ᠠᠵᠢᠯᠳᠠᠳ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠨᠠᠩ ᠭᠦᠨᠵᠡᠭᠡᠶ᠂ ᠨᠠᠩ ᠪᠥᠬᠦ ᠲᠠᠯ᠎ᠠ ᠪᠠᠷ ᠣᠶᠢᠯᠠᠭᠠᠭᠤᠯᠵᠤ᠂ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠤᠨ᠂  ᠤᠰᠤᠯ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 11 ᠰᠠᠷ᠎ᠠ ᠶᠢᠨ 19᠎ ᠤ ᠡᠳᠦᠷ  ᠪᠤᠤᠴᠠᠩ ᠪᠠᠯᠭᠠᠰᠤ ᠨᠢ ᠥᠪᠥᠷ ᠮᠣᠩᠭᠤᠯ ᠤᠨ ᠬᠦᠸᠧ ᠠᠨ  ᠭᠠᠯ ᠰᠡᠷᠭᠡᠶᠢᠯᠡᠬᠦ ᠤᠬᠠᠭᠤᠯᠭ᠎ᠠ ᠶᠢᠨ ᠲᠥᠪ ᠤᠨ ᠸᠠᠩ ᠪᠠᠭᠰᠢ ᠶᠢ ᠤᠷᠢᠵᠤ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠭᠤᠭᠠᠯᠢ ᠠᠷᠠᠳ ᠲᠤ ᠭᠠᠯ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠯ ᠬᠢᠵᠡᠢ᠃    ᠸᠠᠩ ᠪᠠᠭᠰᠢ ᠠᠴᠠ ᠭᠠᠯ ᠭᠠᠷᠬᠤ ᠰᠢᠯᠲᠠᠭᠠᠨ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠵᠢᠴᠢ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠲᠠᠯ᠎ᠠ ᠪᠠᠷ ᠭᠦᠨᠵᠡᠭᠡᠶ ᠪᠦᠭᠡᠳ ᠨᠠᠷᠢᠨ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠲᠤ ᠪᠠᠶᠢᠩᠭᠤ ᠲᠣᠬᠢᠶᠠᠯᠳᠤᠳᠠᠭ ᠭᠠᠯ ᠤᠨ ᠠᠶᠤᠯ ᠤᠨ ᠳᠠᠯᠳᠠ ᠬᠡᠮ ᠳᠤ ᠴᠢᠭᠯᠡᠭᠦᠯᠦᠨ ᠤᠷᠢᠳᠴᠢᠯᠠᠨ ᠰᠡᠷᠭᠡᠶᠢᠯᠡᠬᠦ ᠰᠠᠨᠠᠯ ᠰᠠᠨᠠᠭᠤᠯᠭ᠎ᠠ ᠶᠢ ᠲᠤᠷᠠᠳᠤᠭᠠᠳ᠂  ᠨᠡᠶᠢᠭᠡᠮ ᠲᠣᠭᠤᠷᠢᠭ ᠤᠨ ᠠᠵᠢᠯᠳᠠᠳ ᠪᠠ ᠦᠷᠭᠡᠨ ᠤᠯᠠᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠬᠤᠶᠢᠰᠢᠳᠠ ᠪᠤᠤᠴᠠᠩ ᠪᠠᠯᠭᠠᠰᠤ ᠨᠢ ᠭᠠᠯ  ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠭᠠᠯ  ᠰᠡᠷᠭᠡᠶᠢᠯᠡᠯᠳᠡ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠰᠠᠭᠤᠭᠠᠯᠢ ᠠᠷᠠᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号