ᠡᠮᠴᠢ ᠰᠤᠪᠢᠯᠠᠭᠴᠢ ᠶᠢᠨ ᠰᠠᠶᠢᠨ ᠢᠶᠠᠷ ᠡᠷᠡᠬᠦᠯ ᠮᠡᠨᠳᠦ ᠪᠠᠨ ᠰᠡᠷᠬᠦᠬᠡᠯ᠎ᠡ
ᠨᠡᠶᠢᠲᠡᠯᠡᠭᠰᠡᠨ ᠴᠠᠭ᠄
2024/11/21
  ᠡᠪᠡᠳᠴᠢᠲᠡᠨ ᠤ ᠡᠷᠡᠬᠦᠯᠵᠢᠯ ᠤᠨ ᠬᠡᠷᠡᠭᠴᠡᠭᠡ ᠶᠢ ᠬᠠᠩᠭᠠᠵᠤ᠂ ᠠᠮᠢᠳᠤᠷᠠᠯ ᠤᠨ ᠬᠦᠰᠡᠯ ᠡᠷᠡᠮᠡᠯᠵᠡᠯ ᠢ ᠳᠠᠬᠢᠨ ᠰᠡᠷᠬᠦᠬᠡᠬᠦ ᠶᠢᠨ ᠲᠦᠯᠦᠭᠡ᠂ ᠲᠠᠶᠢᠹᠤᠰᠧ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ 2019 ᠣᠨ ᠤ 5 ᠰᠠᠷ᠎ᠠ ᠳᠤ ᠡᠷᠡᠭᠦᠯᠵᠢᠯ ᠤᠨ ᠠᠨᠠᠭᠠᠬᠤ ᠤᠬᠠᠭᠠᠨ ᠤ ᠰᠠᠯᠠᠭ᠎ᠠ ᠶᠢ ᠪᠠᠶᠢᠭᠤᠯᠤᠭᠠᠳ  ᠂ ᠣᠯᠠᠨ ᠡᠪᠡᠳᠴᠢᠲᠡᠨ ᠢ ᠬᠠᠪᠰᠤᠷᠤᠨ ᠡᠷᠡᠭᠦᠯ ᠮᠡᠨᠳᠦ ᠶᠢ ᠨᠢ ᠰᠡᠷᠬᠦᠬᠡᠵᠦ᠂ ᠨᠡᠶᠢᠭᠡᠮ ᠨᠡᠶᠢᠳᠡ ᠶᠢᠨ ᠮᠠᠭᠲᠠᠭᠠᠯ ᠢ ᠤᠯᠵᠠᠢ᠃ ᠤᠶᠢᠷ᠎ᠠ ᠳᠤ᠂ ᠰᠤᠷᠪᠤᠯᠵᠢᠯᠠᠭᠴᠢ ᠲᠠᠶᠢᠹᠤᠰᠧ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠳᠤ ᠬᠦᠷᠬᠦ  ᠳᠤ ᠡᠷᠡᠭᠦᠯᠵᠢᠯ ᠤᠨ ᠰᠠᠯᠠᠭᠠᠨ ᠤ ᠡᠮᠴᠢ ᠰᠤᠪᠢᠯᠠᠭᠴᠢᠳ ᠶᠠᠭ ᠡᠪᠡᠳᠴᠢᠲᠡᠨ ᠢ ᠬᠦᠯᠢᠴᠡᠩᠬᠦᠢ ᠪᠠᠷ ᠵᠢᠭᠠᠨ ᠵᠢᠯᠤᠭᠤᠳᠴᠤ ᠡᠯ᠎ᠡ ᠵᠦᠢᠯ ᠤᠨ ᠡᠷᠡᠭᠦᠯᠵᠢᠯ ᠤᠨ ᠪᠣᠯᠪᠠᠰᠤᠷᠠᠯ ᠬᠢᠯᠬᠡᠵᠦ ᠪᠠᠶᠢᠯ᠎ᠠ᠃ ᠳ᠋ᠠᠢ ᠾᠧ ᠪᠣᠯ ᠲᠠᠶᠢᠹᠤᠰᠧ ᠬᠤᠰᠢᠭᠤᠨ ᠤ ᠰᠢᠩ ᠹᠦ᠋ ᠰᠢᠶᠠᠩ ᠤᠨ ᠶᠢᠨ ᠵᠠᠨ ᠲᠣᠰᠬᠤᠨ ᠤ ᠡᠬᠡᠯ ᠲᠠᠷᠢᠶᠠᠴᠢᠨ ᠶᠤᠮ᠃  ᠵᠢᠯ ᠲᠤᠷᠰᠢ ᠭᠠᠳᠠᠨ᠎ᠠ ᠤᠷᠤᠨ ᠳᠤ ᠬᠥᠯᠥᠰᠥᠨ ᠠᠵᠢᠯ ᠬᠢᠵᠦ ᠠᠮᠢᠳᠤᠷᠠᠯ ᠢᠶᠠᠨ ᠠᠷᠭᠠᠴᠠᠵᠤ ᠪᠠᠶᠢᠭᠰᠠᠨ ᠢᠶᠠᠨ᠂ ᠡᠨᠡ ᠵᠢᠯ ᠤᠨ ᠡᠬᠢ ᠪᠠᠷ ᠭᠡᠨᠡᠳᠲᠡ ᠲᠠᠷᠢᠬᠢᠨ ᠳᠤᠨᠢ ᠴᠢᠰᠤ ᠬᠠᠷᠪᠤᠵᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠠᠳ᠂ ᠠᠮᠢᠳᠤᠷᠠᠯ ᠨᠢ ᠮᠠᠰᠢ ᠶᠡᠭᠡ ᠬᠦᠴᠢᠷᠳᠡᠯ ᠳᠤ ᠲᠤᠯᠠᠭᠠᠷᠠᠵᠠᠢ᠃ 11 ᠰᠠᠷ᠎ᠠ ᠶᠢᠨ ᠡᠬᠢ ᠪᠠᠷ᠂ ᠳᠡᠭᠡᠳᠦ ᠱᠠᠲᠤᠨ ᠤ ᠬᠠᠪᠰᠤᠷᠤᠨ ᠲᠡᠳᠬᠦᠬᠦ ᠨᠢᠭᠡᠴᠡ ᠪᠠ ᠰᠢᠶᠠᠩ ᠤᠨ ᠵᠠᠰᠠᠭ ᠤᠨ ᠤᠷᠳᠤᠨ ᠤ ᠬᠠᠪᠰᠤᠷᠤᠯᠭ᠎ᠠ ᠵᠣᠬᠢᠴᠠᠭᠤᠯᠭ᠎ᠠ ᠳᠤᠤᠷ᠎ᠠ ᠲᠡᠷᠡᠪᠡᠷ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾  ᠡᠮᠨᠡᠯᠭᠡ ᠶᠢᠨ ᠦᠢᠯᠡᠴᠢᠯᠡᠭᠡᠨ ᠤ ᠵᠠᠭᠪᠤᠷ ᠢᠶᠠᠷ ᠲᠠᠮᠵᠢᠨ ᠲᠠᠶᠢᠹᠤᠰᠧ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ᠬᠦᠷᠴᠦ ᠡᠷᠡᠭᠦᠯᠵᠢᠯ ᠤᠨ ᠪᠣᠯᠪᠠᠰᠤᠷᠠᠯ ᠬᠢᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾  ᠡᠮᠨᠡᠯᠭᠡ ᠶᠢᠨ ᠦᠢᠯᠡᠴᠢᠯᠡᠭᠡᠨ ᠤ ᠵᠠᠭᠪᠤᠷ ᠪᠣᠯ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠶ ᠡᠷᠦᠬᠡ ᠶᠢᠨ ᠡᠪᠡᠳᠴᠢᠨ ᠲᠠᠢ ᠬᠦᠮᠦᠰ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠦᠶᠡᠰ᠂ ᠤᠷᠢᠳᠠᠪᠠᠷ ᠤᠨᠤᠰᠢᠯᠠᠯᠳᠠ ᠪᠠᠶᠢᠴᠠᠭᠠᠯᠳᠠ ᠡᠮᠴᠢᠯᠡᠭᠡ ᠵᠡᠷᠭᠡ ᠪᠠᠨ ᠬᠢᠯᠬᠡᠵᠦ᠂  ᠪᠦᠬᠦᠶᠢᠯᠡ ᠣᠨᠣᠰᠢᠯᠠᠨ ᠡᠮᠨᠡᠬᠦ ᠠᠵᠢᠯ ᠳᠠᠭᠤᠰᠤᠭᠰᠠᠨ ᠤ ᠳᠠᠷᠠᠭ᠎ᠠ ᠵᠠᠷᠤᠳᠠᠯ ᠰᠦᠢᠳᠬᠡᠯ ᠢᠶᠠᠨ ᠨᠢᠭᠡᠳᠦᠯᠲᠡᠶ ᠳ᠋ᠦᠩᠨᠡᠨ ᠪᠤᠳᠤᠬᠤ ᠶᠢ ᠵᠢᠭᠠᠵᠤ ᠪᠣᠶ᠃ ᠡᠨᠡ ᠬᠦ ᠵᠠᠭᠪᠤᠷ ᠨᠢ ᠡᠪᠡᠳᠴᠢᠲᠡᠨ ᠤ ᠡᠪᠡᠳᠴᠢᠨ ᠦᠵᠡᠭᠦᠯᠬᠦ ᠶᠠᠪᠤᠴᠠ ᠳᠤ ᠳᠠᠬᠢᠨ ᠳᠠᠪᠲᠠᠨ ᠮᠦᠷᠯᠡᠨ ᠳ᠋ᠤᠭᠠᠷᠯᠠᠵᠤ ᠰᠦᠢᠳᠬᠡᠯ ᠲᠤᠰᠢᠶᠠᠬᠤ ᠶᠠᠷᠰᠢᠭ ᠲᠦᠪᠡᠭ ᠢ ᠪᠠᠭᠠᠰᠬᠠᠨ᠂ ᠴᠠᠭ ᠲᠤᠬᠠᠶ ᠳᠤᠨᠢ ᠡᠮᠨᠡᠨ ᠵᠠᠰᠠᠬᠤ ᠶᠢ ᠪᠠᠲᠤᠯᠠᠵᠤ᠂ ᠢᠯᠠᠩᠭᠤᠶ᠎ᠠ ᠪᠠᠴᠢᠮ ᠬᠦᠨᠳᠦ ᠡᠪᠡᠳᠴᠢᠲᠡᠨ ᠤ ᠰᠦᠢᠳᠬᠡᠯ ᠲᠤᠰᠢᠶᠠᠬᠤ ᠠᠰᠠᠭᠤᠳᠠᠯ ᠠᠴᠠ ᠪᠣᠯᠵᠤ ᠡᠮᠨᠡᠨ ᠵᠠᠰᠠᠬᠤ ᠴᠠᠭ ᠲᠣᠬᠢᠶᠠᠯ ᠢᠶᠠᠨ ᠰᠠᠭᠠᠲᠠᠭᠠᠬᠤ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃    ᠲᠠᠶᠢᠹᠤᠰᠧ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠷᠡᠬᠦᠯᠵᠢᠯ ᠤᠨ ᠰᠠᠯᠠᠭᠠᠨ ᠤ ᠡᠷᠬᠢᠯᠡᠭᠴᠢ ᠵᠣᠣ ᠳ᠋ᠦᠩ ᠱᠧᠩ᠄ ︽ᠲᠤᠰ ᠡᠪᠡᠳᠴᠢᠲᠡᠨ ᠠᠩᠬ᠎ᠠ ᠢᠷᠡᠬᠦ ᠳᠡᠭᠡᠨ ᠲᠠᠶᠠᠭ ᠲᠤᠯᠵᠤ ᠢᠷᠡᠭᠰᠡᠨ᠂  ᠮᠠᠨ ᠤ ᠡᠮᠨᠡᠯᠭᠡ ᠵᠠᠰᠠᠯ ᠢᠶᠠᠷ ᠲᠠᠮᠵᠢᠭᠠᠳ ᠤᠳᠤ ᠲᠠᠶᠠᠭ ᠢᠶᠠᠨ ᠬᠠᠶᠠᠵᠤ ᠠᠯᠭᠤᠷ ᠠᠯᠬᠤᠬᠤ ᠪᠤᠯᠵᠠᠢ᠂ ᠮᠠᠰᠢ ᠶᠡᠭᠡ ᠳᠠᠪᠰᠢᠯᠲᠠ ᠲᠠᠢ᠃  ᠨᠢᠬᠡ ᠬᠦᠮᠦᠨ ᠢ ᠪᠦᠷᠢᠮᠦᠰᠦᠨ ᠡᠷᠡᠬᠦᠯᠵᠢᠬᠦᠯᠬᠦ ᠳᠤ ᠰᠢᠯᠢᠳᠡᠭ ᠡᠮᠴᠢᠯᠡᠭᠡᠨ ᠤ ᠪᠦᠯᠬᠦᠮ ᠳᠤ ᠲᠦᠰᠢᠭᠯᠡᠬᠦ ᠪᠠᠷ ᠪᠠᠷᠠᠬᠤ ᠦᠬᠡᠢ ᠡᠪᠡᠳᠴᠢᠲᠡᠨ ᠪᠠ ᠭᠡᠷ ᠪᠦᠯᠢ ᠶᠢᠨ ᠬᠢᠨ ᠤ ᠢᠳᠡᠪᠬᠢᠲᠡᠢ ᠬᠠᠮᠵᠢᠯᠴᠠᠭ᠎ᠠ ᠳᠤ ᠲᠦᠰᠢᠭᠯᠡᠨ᠎ᠡ︾᠃    ᠡᠪᠡᠳᠴᠢᠳᠡᠨ ᠳ᠋ᠠᠢ ᠾᠧ ︽ᠡᠮᠴᠢ ᠰᠤᠪᠢᠯᠠᠭᠴᠢ ᠨᠠᠷ ᠤᠨ ᠨᠠᠷᠢᠨ ᠬᠢᠨᠠᠮᠠᠭᠠᠢ ᠬᠠᠷᠠᠭᠠᠯᠵᠠᠯ ᠪᠠ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠳᠣᠣᠷ᠎ᠠ᠂  ᠮᠢᠨᠦ ᠡᠪᠡᠳᠴᠢᠨ ᠲᠦᠷᠭᠡᠨ  ᠢᠯᠡᠷᠡᠰᠢᠵᠦ ᠡᠳᠡᠭᠡᠷᠡᠯ᠎ᠡ᠂  ᠡᠷᠡᠭᠦᠯᠵᠢᠯ ᠤᠨ ᠰᠠᠯᠠᠭᠠᠨ ᠤ ᠡᠮᠴᠢ ᠰᠤᠪᠢᠯᠠᠭᠴᠢᠳ ᠲᠠᠭᠠᠨ ᠲᠠᠯᠠᠷᠬᠠᠵᠤ ᠪᠠᠶᠢᠨ᠎ᠠ᠂ ᠲᠡᠳᠡ ᠪᠣᠯ ᠴᠤᠬᠤᠮ ᠠᠮᠢᠳᠤᠷᠠᠯ  ᠤᠨ ᠢᠲᠡᠭᠡᠯ ᠢ ᠨᠠᠳᠠᠳᠤ ᠤᠯᠭᠤᠭᠰᠠᠨ ᠠᠴᠢ ᠭᠠᠪᠢᠶ᠎ᠠ ᠲᠠᠢ ᠬᠦᠮᠦᠰ ᠰᠢᠦ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号