2024 ᠣᠨ ᠤ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠶᠢ ᠤᠷᠲᠤᠳᠬᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/21
ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠨᠢᠭᠡᠴᠡ ᠳᠤ᠄    ᠮᠠᠨ ᠤ ᠬᠤᠰᠢᠭᠤᠨ ᠤ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠪᠠ ᠢᠷᠡᠭᠡᠳᠦᠶ ᠶᠢᠨ ᠣᠬᠤᠷ ᠬᠤᠭᠤᠴᠠᠭᠠᠨ ᠤ ᠴᠠᠭ ᠠᠭᠤᠷ ᠤᠨ ᠬᠡᠮᠵᠢᠯᠲᠡ ᠶᠢ ᠦᠨᠳᠦᠰᠦᠯᠡᠵᠦ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠢ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠴᠠᠭ ᠠᠭᠤᠷ ᠤᠨ ᠲᠤᠪᠴᠢᠶ᠎ᠠ᠂ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠶᠠᠷᠢᠯᠴᠠᠨ ᠰᠤᠳᠤᠯᠬᠤ ᠪᠠᠷ ᠲᠠᠮᠵᠢᠭᠠᠳ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠶᠢᠨ ᠲᠥᠯᠥᠭᠡ 2024 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠶᠢ ᠤᠷᠲᠤᠳᠬᠠᠬᠤ ᠪᠠᠷ ᠲᠤᠭᠳᠠᠵᠠᠢ᠃ ᠬᠡᠵᠢᠶ᠎ᠡ ᠬᠦᠷᠳᠡᠯ᠎ᠡ ᠤᠷᠳᠤᠳᠬᠠᠬᠤ ᠶᠢ ᠮᠠᠨ ᠤ ᠬᠤᠰᠢᠭᠤᠨ ᠤ ᠪᠤᠳᠠᠳᠠᠢ ᠪᠠᠶᠢᠳᠠᠯ ᠢᠶᠠᠨ ᠦᠨᠳᠦᠰᠦᠯᠡᠵᠦ ᠪᠠᠶᠢᠭᠠᠳ ᠲᠤᠭᠳᠠᠭᠠᠨ᠎ᠠ᠃     ᠨᠢᠭᠡ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃  ᠤᠷᠳᠤᠳᠬᠠᠬᠤ ᠬᠤᠭᠤᠴᠠᠭᠠᠨ ᠳᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠴᠠᠭᠠᠰᠤ ᠰᠦᠯᠢᠶᠤᠤ᠂ ᠬᠤᠭ ᠨᠣᠪᠰᠢ᠂ ᠡᠰᠢ ᠰᠦᠷᠡᠯ ᠰᠢᠲᠠᠭᠠᠬᠤ ᠵᠡᠷᠭᠡ ᠭᠠᠯ ᠬᠡᠷᠡᠭᠯᠡᠬᠦ ᠠᠵᠢᠯᠯᠠᠭ᠎ᠠ ᠶᠢ ᠡᠷᠡᠰ ᠴᠠᠭᠠᠵᠠᠯᠠᠵᠤ᠂ ᠭᠠᠯ ᠤᠨ ᠠᠶᠤᠯ ᠡᠬᠦᠰᠬᠡᠬᠦ ᠪᠤᠯᠤᠮᠵᠢ ᠲᠠᠢ ᠠᠮᠢᠳᠤᠷᠠᠯ ᠳᠤ ᠬᠡᠷᠡᠭᠯᠡᠬᠦ ᠭᠠᠯ ᠢ ᠴᠢᠩᠭ᠎ᠠ ᠬᠠᠮᠢᠶᠠᠷᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠵᠡᠷᠭᠡ ᠬᠡᠭᠡᠷ᠎ᠡ ᠭᠠᠳᠠᠨ᠎ᠠ ᠠᠵᠢᠯᠯᠠᠬᠤ ᠨᠢᠭᠡᠴᠡ  ᠨᠢ  ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠤᠨ ᠳᠠᠯᠳᠠ ᠭᠡᠮ ᠢ ᠠᠷᠢᠯᠭᠠᠵᠤ᠂  ᠡᠯ᠎ᠡ ᠲᠦᠷᠦᠯ ᠤᠨ ᠭᠠᠯ ᠰᠡᠷᠭᠡᠶᠢᠯᠡᠬᠦ ᠠᠵᠢᠯ ᠢ ᠰᠠᠶᠢᠨ ᠬᠢᠬᠦ ᠬᠡᠷᠡᠭᠲᠡᠶ᠃      ᠬᠤᠶᠠᠷ᠂ ᠡᠯ᠎ᠡ ᠰᠤᠮᠤ ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠨ ᠬᠢᠬᠦ ᠬᠡᠷᠡᠭᠲᠡᠶ᠃     ︵ᠨᠢᠭᠡ︶ ᠤᠬᠠᠭᠤᠯᠭ᠎ᠠ ᠬᠦᠮᠦᠵᠢᠯ ᠢ ᠲᠠᠰᠤᠷᠠᠯᠳᠠ ᠦᠬᠡᠢ ᠴᠢᠩᠭᠠᠳᠬᠠᠨ᠂ ᠷᠠᠳᠢᠣ᠋ ᠨᠡᠪᠲᠡᠷᠡᠭᠦᠯᠭᠡ᠂  ᠸᠢᠴᠠᠲ ᠲᠠᠪᠴᠠᠩ᠂ ᠤᠬᠠᠭᠤᠯᠭ᠎ᠠ ᠶᠢᠨ ᠤᠷᠢᠶ᠎ᠠ᠂ ᠤᠬᠠᠭᠤᠯᠭ᠎ᠠ ᠶᠢᠨ ᠰᠠᠮᠪᠠᠷ᠎ᠠ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠤᠬᠠᠭᠤᠯᠭ᠎ᠠ ᠬᠦᠮᠦᠵᠢᠯ ᠬᠢᠵᠦ᠂ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃    ︵ᠬᠤᠶᠠᠷ︶  ᠴᠠᠭᠳᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠲᠦᠷᠦᠯ ᠵᠦᠢᠯ ᠤᠨ ᠣᠷᠣᠨ᠂ ᠨᠡᠶᠢᠲᠡ ᠶᠢᠨ ᠣᠩᠭᠤᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠭᠠᠵᠠᠷ ᠣᠷᠣᠨ   ᠢ ᠪᠦᠬᠦᠯᠢ ᠡᠳᠦᠷ  ᠢᠶᠠᠷ    ᠴᠠᠭᠳᠠᠨ ᠪᠠᠶᠢᠴᠠᠭᠠᠵᠤ ᠬᠢᠨᠠᠨ ᠬᠠᠮᠢᠶᠠᠷᠬᠤ ᠭᠡᠷᠡᠭᠳᠡᠢ᠃     ︵ᠭᠤᠷᠪᠠ︶ ᠨᠠᠰᠤᠨ ᠳᠤ ᠦᠯᠦ ᠬᠦᠷᠦᠭᠰᠡᠳ ᠪᠠ ᠣᠨᠴᠠᠭᠠᠢ ᠬᠦᠮᠦᠰ ᠢ ᠭᠤᠣᠯᠳᠠᠯᠭ᠎ᠠ ᠲᠠᠢ ᠬᠢᠨᠠᠨ ᠬᠠᠮᠢᠶᠠᠷᠴᠤ᠂ ᠬᠢᠨᠠᠨ ᠬᠠᠮᠠᠭᠠᠯᠠᠭᠴᠢ ᠶᠢᠨ ᠬᠢᠨᠢ ᠡᠬᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠭᠠᠯ ᠤᠨ ᠪᠠᠶᠢᠳᠠᠯ ᠢ ᠣᠯᠵᠤ ᠮᠡᠳᠡᠪᠡᠯ᠂ ᠰᠤᠮᠤ ᠰᠢᠶᠠᠩ ᠪᠠᠯᠭᠠᠰᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠲᠡᠷᠡ ᠳᠠᠷᠤᠶ ᠳᠤᠨᠢ ᠮᠡᠳᠡᠭᠦᠯᠬᠦ ᠶᠢᠨ ᠬᠠᠮᠲᠤ ᠭᠠᠯ ᠤᠨᠲᠠᠷᠠᠭᠠᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠶᠠᠪᠤᠭᠳᠠᠭᠤᠯᠬᠤ ᠬᠡᠷᠡᠭᠲᠡᠶ᠃      ᠳᠥᠷᠪᠡ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠭᠠᠯ ᠰᠡᠷᠭᠡᠶᠢᠯᠡᠬᠦ ᠲᠦᠷᠢᠮ ᠲᠣᠭᠲᠠᠭᠠᠯ ᠢ ᠵᠥᠷᠢᠴᠡᠵᠦ ᠭᠠᠯ ᠭᠠᠷᠭᠠᠵᠤ ᠬᠤᠬᠢᠷᠠᠯ ᠤᠴᠠᠷᠠᠭᠤᠯᠤᠭᠰᠠᠨ ᠪᠤᠯ ᠬᠠᠮᠢᠶ᠎ᠠ ᠪᠥᠬᠦᠶ ᠬᠠᠤᠯᠢ ᠲᠦᠷᠢᠮ ᠤᠨ ᠲᠠᠭᠠᠤ ᠴᠢᠩᠭ᠎ᠠ ᠰᠢᠳᠬᠡᠨ᠎ᠡ᠃                            ᠲᠠᠶᠢᠹᠤᠰᠧ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ                        ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ                            2024 ᠣᠨ ᠤ 11 ᠰᠠᠷ᠎ᠠ ᠶᠢᠨ 20 ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号