ᠴᠧᠨ ᠶᠠᠨ ᠪᠦᠦ ᠬᠤᠩ ᠴᠢ ᠪᠠᠯᠭᠠᠰᠤᠨ ᠳᠤ  ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/11/22
  11 ᠰᠠᠷ᠎ᠠ ᠶᠢᠨ 20᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠩ ᠴᠢ ᠪᠠᠯᠭᠠᠰᠤᠨ ᠳᠤ ᠬᠦᠨᠵᠡᠬᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠦᠦ ᠤᠷᠢᠳ ᠬᠤᠵᠢᠳ ᠺᠤᠸᠠᠩ ᠱᠠᠨ ᠲᠣᠰᠬᠤᠨ᠂ ᠠᠢ ᠭᠦᠸᠧ ᠲᠣᠰᠬᠤᠨ᠂ ᠱᠤᠸᠠᠩ ᠾᠧ ᠲᠣᠰᠬᠤᠨ ᠳᠤ ᠬᠦᠷᠴᠦ᠂ ᠲᠣᠰᠬᠤᠨ ᠤ ᠬᠤᠶᠠᠷ ᠵᠥᠪᠯᠡᠯ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠲᠠᠢ ᠶᠠᠷᠢᠯᠴᠠᠨ ᠠᠵᠢᠯ ᠤᠨ ᠪᠠᠶᠢᠳᠠᠯ ᠢ ᠣᠶᠢᠯᠠᠭᠠᠪᠠ᠃ ᠴᠧᠨ ᠶᠠᠨ ᠪᠦᠦ  ᠴᠢᠬᠤᠯᠠᠴᠢᠯᠠᠬᠤ ᠳᠠᠭᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠪᠠᠯᠭᠠᠰᠤ ᠲᠣᠰᠬᠤᠨ ᠤ ᠺᠠᠳ᠋ᠷᠴᠤᠳ ᠡᠷᠭᠡᠪᠰᠢ ᠤᠯᠤᠰ ᠲᠥᠷᠥ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠡᠳᠬᠢᠯ ᠳᠡᠯᠪᠢᠨ ᠬᠦᠴᠦ ᠤᠷᠤᠭᠤᠯᠵᠤ ᠪᠠᠶᠢᠭᠠᠳ ᠰᠠᠶᠢᠲᠤᠷ ᠬᠢᠵᠦ᠂  ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠳᠠᠯ ᠢ ᠴᠠᠭ ᠲᠤᠬᠠᠶ ᠳᠤᠨᠢ ᠤᠶᠢᠯᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂  ᠪᠠᠳᠤ ᠴᠢᠩᠭ᠎ᠠ ᠰᠤᠷᠲᠠᠯ ᠢᠶᠠᠷ ᠡᠯ᠎ᠡ ᠲᠦᠷᠦᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠶᠠ ᠱᠧᠩ ᠵᠢᠴᠢ ᠬᠤᠩ ᠴᠢ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号