ᠶᠦᠩ ᠹᠧᠩ ᠪᠠᠯᠭᠠᠰᠤ  ︽ᠪᠦᠲᠦᠮᠵᠢᠲᠡᠢ ᠵᠣᠯᠭᠠᠭᠤᠯᠬᠤ︾ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/11/22
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠨᠡᠨᠬᠦ ᠰᠠᠶᠢᠨ ᠬᠢᠬᠦ ᠶᠢᠨ ᠲᠥᠯᠥᠭᠡ᠂ 11 ᠰᠠᠷ᠎ᠠ ᠶᠢᠨ 21᠎ ᠤ ᠡᠳᠦᠷ ᠶᠦᠩ ᠹᠧᠩ ᠪᠠᠯᠭᠠᠰᠤ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠵᠢᠴᠢ 11 ᠰᠠᠷ᠎ᠠ ᠶᠢᠨ ᠠᠵᠢᠯ ᠤᠨ ᠲᠣᠭᠲᠠᠮᠠᠯ ᠬᠤᠷᠠᠯ   ᠬᠤᠷᠠᠯᠳᠤᠭᠤᠯᠵᠠᠢ᠃ ᠨᠠᠮ ᠤᠨ ᠬᠤᠷᠢᠶᠠᠨ ᠤ ᠳᠡᠳ᠋ ᠱᠦᠵᠢ  ᠪᠠᠯᠭᠠᠰᠤᠨ ᠤ ᠳᠠᠷᠤᠭ᠎ᠠ ᠸᠠᠩ ᠵᠢᠶᠦ᠋ᠨ ᠱᠧᠩ ᠬᠤᠷᠠᠯ ᠢ ᠡᠷᠬᠢᠯᠡᠵᠦ᠂ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠨᠠᠮ ᠤᠨ ᠬᠤᠷᠢᠶᠠᠨ ᠤ ᠱᠦᠵᠢ ᠵᠠᠩ ᠶᠦᠩ ᠯᠢ ᠶᠠᠷᠢᠶ᠎ᠠ ᠲᠠᠯᠪᠢᠬᠤ ᠳᠠᠭᠠᠨ᠂ ᠨᠢᠭᠡ ᠳᠤ  ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠠᠶᠢᠴᠠᠭᠠᠯᠳᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠲᠠᠢ ᠬᠠᠷᠢᠴᠠᠭᠤᠯᠵᠤ᠂ ᠰᠢᠯᠲᠠᠭᠠᠨ ᠢ ᠨᠢ ᠨᠠᠷᠢᠨ ᠬᠢᠨᠠᠮᠠᠭᠠᠢ ᠵᠠᠳᠠᠯᠤᠨ᠂  ᠵᠦᠷᠢᠶ᠎ᠡ ᠲᠤᠳᠠᠭᠳᠠᠯ ᠢᠶᠠᠨ ᠲᠠᠬᠢᠨ ᠡᠷᠢᠵᠦ᠂  ᠠᠰᠠᠭᠤᠳᠠᠯ ᠢ ᠦᠨᠡᠨᠬᠦ  ᠴᠡᠭᠴᠡᠯᠡᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠳᠤ ᠰᠢᠯᠢᠳᠡᠭ ᠬᠠᠷᠢᠭᠤᠯᠲᠠ ᠲᠤᠰᠢᠶᠠᠬᠤ ᠪᠠᠷ ᠴᠢᠷᠮᠠᠶᠢᠬᠤ ᠭᠡᠷᠡᠭᠳᠡᠢ᠃ ᠬᠤᠶᠠᠷ ᠲᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠷᠦᠬᠡ ᠳᠤ ᠣᠷᠣᠬᠤ ᠠᠵᠢᠯ ᠢ ᠨᠠᠷᠢᠨ ᠨᠢᠮᠪᠠᠶ ᠦᠷᠨᠢᠬᠦᠯᠦᠨ᠂ ᠭᠠᠷ ᠤᠨ ᠥᠰᠥᠭ ᠵᠢᠷᠤᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ︽ᠭᠤᠷᠪᠠ ᠶᠢ ᠪᠠᠲᠤᠯᠠᠬᠤ︾ ᠵᠢᠴᠢ  ᠤᠰᠤ ᠤᠮᠳᠠ ᠶᠢᠨ ᠠᠮᠤᠷ ᠲᠦᠪᠰᠢᠨ᠂ ᠠᠵᠢᠯ ᠣᠯᠭᠤᠯᠲᠠ᠂ ᠦᠨᠳᠦᠰᠦᠨ ᠵᠦᠢᠯ ᠢ ᠪᠠᠲᠤᠯᠠᠬᠤ᠂ ᠶᠠᠳᠠᠭᠤ ᠶᠢ ᠰᠡᠷᠭᠡᠶᠢᠯᠡᠬᠦ ᠳᠠᠭᠠᠳᠬᠠᠯ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂  ᠲᠤᠯᠠᠭᠠᠯᠠᠭ᠎ᠠ ᠶᠢᠨ ᠨᠡᠭᠦᠷᠡᠰᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠠᠬᠢᠨᠳᠠ  ᠬᠢᠨᠠᠨ ᠬᠠᠷᠭᠤᠭᠤᠯᠵᠤ᠂  ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠭᠰᠢᠭᠦᠷᠢ ᠶᠢᠨ ᠴᠡᠭ ᠢ ᠪᠥᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ ᠥᠬᠡᠶ ᠪᠠᠷ ᠪᠠᠶᠢᠴᠠᠭᠠᠵᠤ ᠡᠮᠬᠢᠯᠡᠨ᠂ ︽ᠤᠷᠤᠬᠤ ᠶᠣᠰᠣᠲᠠᠶ ᠶᠢ ᠨᠢ ᠪᠦᠷ ᠤᠷᠤᠭᠤᠯᠬᠤ︾᠎ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ ᠭᠤᠣᠯᠳᠠᠯᠭ᠎ᠠ ᠵᠠᠩᠭᠢᠯᠠᠭ᠎ᠠ ᠶᠢ ᠰᠠᠶᠢᠳᠤᠷ ᠠᠩᠬᠠᠷᠴᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠬᠦ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠴᠠᠭ ᠲᠤᠬᠠᠶ ᠳᠤᠨᠢ ᠡᠷᠦᠬᠡ ᠳᠤ ᠤᠷᠤᠵᠤ᠂ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠦᠷᠢᠳᠬᠡᠨ᠂ ᠬᠡᠷ ᠪᠦᠯᠢ ᠶᠢᠨ ᠣᠷᠣᠯᠭ᠎ᠠ ᠵᠠᠷᠤᠯᠭ᠎ᠠ ᠶᠢᠨ ᠨᠠᠷᠢᠨ ᠲᠠᠩᠰᠠ ᠶᠢ ᠰᠠᠶᠢᠲᠤᠷ ᠪᠤᠳᠤᠵᠤ᠂ ᠡᠯ᠎ᠡ ᠵᠦᠢᠯ ᠤᠨ ᠲᠤᠭ᠎ᠠ ᠪᠠᠷᠢᠮᠲᠠ ᠶᠢᠨ ︽ᠵᠦᠪ ᠣᠨᠣᠪᠴᠢᠲᠠᠶ᠂ ᠦᠨᠡᠨ ᠪᠣᠳᠠᠲᠠᠶ᠂  ᠰᠠᠨᠠᠯ ᠥᠬᠡᠶ︾ ᠪᠠᠶᠢᠬᠤ ᠶᠢ ᠪᠠᠳᠤᠯᠠᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠳᠡᠳ᠋ ᠪᠠᠯᠭᠠᠰᠤᠨ ᠳᠠᠷᠤᠭ᠎ᠠ ᠫᠠᠨ ᠺᠧ ᠠᠴᠠ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠠᠶᠢᠹᠤᠰᠧ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠎ ᠯᠤᠭ᠎ᠠ ᠪᠦᠲᠦᠮᠵᠢᠲᠡᠶ ᠵᠣᠯᠭᠠᠭᠤᠯᠬᠤ ᠠᠰᠠᠭᠤᠳᠠᠯ ᠤᠨ ᠨᠠᠷᠢᠨ ᠲᠠᠩᠰᠠ︾᠎ ᠶᠢ  ᠨᠡᠶᠢᠳᠡᠯᠡᠨ᠂ ︽ᠲᠣᠳᠣᠷᠬᠠᠶ ᠺᠠᠷᠲ︾᠎ ᠶᠢ ᠲᠠᠭᠯᠠᠬᠤ ᠲᠤᠬᠠᠢ ᠨᠠᠷᠢᠨ ᠲᠠᠶᠢᠯᠤᠮᠵᠢ ᠬᠢᠭᠰᠡᠨ ᠪᠥᠭᠡᠳ ᠲᠠᠷᠠᠭ᠎ᠠ ᠠᠯᠬᠤᠮ ᠤᠨ ᠠᠵᠢᠯ ᠎ ᠳᠤ ᠪᠠᠶᠢᠷᠢᠯᠠᠭᠤᠯᠤᠯᠲᠠ ᠬᠢᠵᠡᠢ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ᠂ ᠨᠢᠭᠡᠳᠦᠭᠡᠷ ᠱᠦᠵᠢ᠂ ᠠᠵᠢᠯᠯᠠᠬᠤ ᠠᠩᠬᠢ ᠶᠢᠨ ᠳᠠᠷᠤᠭ᠎ᠠ ᠪᠠ ᠭᠡᠰᠢᠬᠦᠳ ᠬᠤᠷᠠᠯ ᠳᠤ ᠣᠷᠣᠯᠴᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号