ᠰᠤᠷᠭᠠᠭᠤᠯᠢ ᠶᠢᠨ ᠬᠦᠷᠢᠶᠡᠨ ᠳᠤ ᠶᠠᠪᠤᠭᠳᠠᠭᠰᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠵᠠᠯᠠᠭᠤᠴᠤᠳ ᠤᠨ ᠡᠪᠯᠡᠯ ᠤᠨ ᠬᠤᠷᠢᠶ᠎ᠠ᠂  ᠡᠮᠡᠭᠲᠡᠶᠢᠴᠦᠳ ᠤᠨ ᠬᠤᠯᠪᠣᠭᠠᠲᠤ ᠬᠤᠷᠠᠯ᠂ ︽ᠬᠤᠨ ᠭᠠᠯᠠᠭᠤ︾ ᠬᠠᠶᠢᠷ᠎ᠠ  ᠬᠠᠯᠠᠮᠵᠢ ᠶᠢᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ︽ᠲᠤᠰᠤᠯ ᠨᠡᠮᠡᠷᠢ︾ ᠬᠠᠶᠢᠷ᠎ᠠ ᠬᠠᠯᠠᠮᠵᠢ ᠶᠢᠨ ᠠᠵᠢᠯᠯᠠᠭ᠎ᠠ ᠲᠠᠶᠢᠹᠤᠰᠧ ᠬᠤᠰᠢᠭᠤᠨ ᠤ ᠡᠯ᠎ᠡ ᠰᠤᠷᠭᠠᠭᠤᠯᠢ ᠳᠤ ᠶᠠᠪᠤᠭᠳᠠᠪᠠ᠃
    ᠠᠵᠢᠯᠯᠠᠭᠠᠨ ᠤ ᠬᠤᠭᠤᠴᠠᠭᠠᠨ ᠳᠤ ︽ᠬᠤᠨ ᠭᠠᠯᠠᠭᠤ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠠᠴᠠ ᠬᠤᠰᠢᠭᠤ ᠲᠤᠭᠤᠷᠢᠭ ᠲᠤ ᠪᠠᠶᠢᠭ᠎ᠠ 8 ᠰᠤᠷᠭᠠᠭᠤᠯᠢ ᠶᠢᠨ 31 ᠬᠡᠤᠬᠡᠳ ᠲᠤ ᠶᠡᠷᠦᠩᠬᠡᠶ ᠥᠷᠲᠡᠭ ᠨᠢ 7440 ᠲᠥᠭᠦᠷᠢᠭ ᠬᠦᠷᠬᠦ ᠬᠤᠪᠴᠠᠰᠤ ᠱᠠᠬᠠᠢ ᠶᠢ ᠬᠠᠨᠳᠢᠪᠯᠠᠭᠰᠠᠨ ᠤ ᠬᠠᠮᠲᠤ᠂ ᠴᠢᠶᠠᠨ ᠶᠢᠨ ᠭᠸᠦ ᠪᠠᠭ᠎ᠠ ᠰᠤᠷᠭᠠᠭᠤᠯᠢ ᠶᠢᠨ 7 ᠬᠡᠤᠬᠡᠳ ᠲᠤ 1680 ᠲᠥᠭᠦᠷᠢᠭ ᠤᠨ ᠥᠷᠲᠡᠭ ᠪᠥᠬᠦᠶ ᠬᠤᠪᠴᠠᠰᠤ ᠬᠤᠨᠠᠷ ᠢ ᠬᠠᠨᠳᠢᠪᠯᠠᠭᠰᠠᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠰᠤᠷᠭᠠᠭᠤᠯᠢ ᠶᠢᠨ ᠬᠦᠷᠢᠶᠡᠨ ᠳᠤ ᠬᠦᠨᠵᠡᠬᠡᠶᠢᠷᠡᠵᠦ᠂ ᠬᠡᠦᠬᠡᠳ ᠤᠳ ᠲᠤ ᠰᠢᠨ᠎ᠡ ᠬᠤᠪᠴᠠᠰᠤ ᠰᠢᠨ᠎ᠡ ᠱᠠᠬᠠᠢ ᠶᠢ ᠡᠮᠦᠰᠦᠬᠦᠯᠬᠦ  ᠶᠢᠨ ᠬᠠᠮᠳᠤ᠂ ᠭᠡᠵᠢᠭᠡ ᠦᠰᠦ ᠶᠢ ᠨᠢ ᠵᠠᠰᠠᠵᠤ ᠦᠭᠬᠦᠭᠡᠳ᠂ ᠰᠤᠷᠭᠠᠭᠤᠯᠢ ᠶᠢᠨ ᠬᠦᠷᠢᠶ᠎ᠡ ᠶᠢ ᠬᠠᠶᠢᠷ᠎ᠠ ᠬᠠᠯᠠᠮᠵᠢ ᠪᠠᠷ ᠪᠢᠯᠬᠠᠭᠤᠯᠤᠯ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号