ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/11/25
  11 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠡᠨᠡ ᠤᠳᠠᠭᠠᠨ ᠤ ᠰᠤᠷᠤᠯᠴᠠᠯᠭ᠎ᠠ ᠶᠢ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢᠨ ᠬᠡᠯᠪᠡᠷᠢ ᠪᠠᠷ   ᠡᠷᠬᠢᠯᠡᠭᠰᠡᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠳᠤᠭᠤᠶᠢᠯᠠᠩ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠠᠯᠠᠭᠠᠨ ᠤ ᠳᠠᠷᠤᠭ᠎ᠠ ᠳ᠋ᠧ ᠲᠢᠶᠧ ᠯᠢ ᠰᠤᠷᠤᠯᠴᠠᠯᠭ᠎ᠠ ᠶᠢ ᠰᠤᠯᠠ ᠰᠣᠨᠣᠰᠤᠭᠰᠠᠨ ᠪᠥᠭᠡᠳ ᠦᠨᠡᠯᠡᠯᠲᠡ ᠬᠢᠵᠡᠶ᠃ ᠬᠤᠷᠠᠯ ᠲᠡᠭᠡᠷ᠎ᠡ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠤᠨ ᠲᠤᠬᠠᠢ ᠦᠬᠦᠯᠡᠯᠳᠡ ᠪᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠣᠯᠣᠳᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠲᠦᠷᠢᠮ ︵ᠲᠤᠷᠰᠢᠨ ᠬᠡᠷᠡᠭᠵᠢᠭᠦᠯᠬᠦ︶︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠥᠭᠦᠯᠡᠯ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ  ᠰᠤᠷᠤᠯᠴᠠᠵᠤ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠠᠴᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ  ᠤᠨ ᠲᠣᠭᠤᠷᠢᠨ ᠳᠤ ᠰᠤᠳᠤᠯᠤᠨ ᠶᠠᠷᠢᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号