ᠴᠢᠶᠠᠨ ᠶᠢᠨ ᠭᠸᠦ ᠪᠠᠯᠭᠠᠰᠤ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/25
  ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠡᠬᠦᠷᠭᠡ ᠶᠢ ᠯᠠᠪᠳᠠᠭᠤᠨ ᠪᠠᠳᠤᠳᠠᠢ ᠠᠬᠢᠭᠤᠯᠬᠤ  ᠶᠢᠨ ᠲᠦᠯᠦᠭᠡ᠂ 11 ᠰᠠᠷ᠎ᠠ ᠶᠢᠨ 23 ᠤ ᠡᠳᠦᠷ ᠴᠢᠶᠠᠨ ᠶᠢᠨ ᠭᠸᠦ ᠪᠠᠯᠭᠠᠰᠤ ᠨᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠵᠢᠯᠤᠭᠤᠳᠬᠤ ᠲᠤᠭᠤᠶᠢᠯᠠᠩ ᠤᠨ ᠲᠠᠷᠤᠭ᠎ᠠ  ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠨᠢᠬᠡᠳᠦᠭᠡᠷ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠲᠠᠰᠤᠭ ᠤᠨ ᠡᠷᠬᠢᠯᠡᠭᠴᠢ  ᠵᠠᠩ ᠴᠢᠤᠸᠠᠨ ᠢ ᠵᠡᠷᠭᠡ ᠬᠦᠮᠦᠰ ᠬᠤᠷᠠᠯ ᠳᠤ ᠤᠷᠤᠯᠴᠠᠨ ᠵᠢᠭᠠᠨ ᠵᠢᠯᠤᠭᠤᠳᠴᠤ᠂   ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ  ᠬᠤᠷᠠᠯ ᠳᠤ ᠤᠷᠤᠯᠴᠠᠵᠤ᠂ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶ᠎ᠠ ᠨᠢ ᠡᠨᠡ ᠤᠳᠠᠭᠠᠨ ‍ᠤ‌‍ᠲ᠋ᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠲᠡᠭᠡᠳᠦ ᠬᠡᠮᠵᠢᠶ᠎ᠡ  ᠪᠠᠷ ᠴᠢᠬᠤᠯᠠᠴᠢᠯᠠᠨ᠂  ᠡᠯ᠎ᠡ ᠲᠦᠷᠦᠯ ᠤᠨ ᠪᠡᠯᠡᠳᠬᠡᠯ ᠠᠵᠢᠯ ᠢ ᠯᠠᠪᠳᠠᠭᠤᠨ ᠪᠠᠳᠤᠳᠠᠢ ᠰᠠᠶᠢᠨ ᠬᠢᠭᠰᠡᠨ ᠪᠠᠶᠢᠨ᠎ᠠ᠃ ᠬᠤᠷᠠᠯ ᠠᠴᠠ ᠡᠮᠦᠨ᠎ᠡ᠂  ᠤᠳᠤᠷᠢᠳᠬᠤ ᠪᠠᠭ ᠤᠨ ᠬᠢᠨ ᠬᠠᠮᠳᠤ ᠶᠢᠨ ᠰᠤᠷᠤᠯᠴᠠᠯᠭ᠎ᠠ ᠪᠠ ᠶᠠᠷᠢᠯᠴᠠᠯᠭ᠎ᠠ ᠶᠢ ᠦᠷᠨᠢᠬᠦᠯᠵᠦ᠂ ᠬᠤᠷᠠᠯ ᠤᠨ ᠭᠤᠤᠯ ᠰᠡᠳᠦᠪ ᠯᠦᠭᠡ ᠨᠢᠬᠳᠠ ᠤᠶᠠᠯᠳᠤᠭᠤᠯᠤᠨ᠂ ᠬᠠᠷᠢᠭᠤ ᠲᠤᠰᠬᠠᠭᠰᠠᠨ ᠰᠠᠨᠠᠯ ᠤᠨ ᠲᠤᠭᠤᠷᠢᠨ ᠳᠤ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠠ ᠬᠤᠪᠢ ᠬᠦᠮᠦᠨ ᠤ ᠢᠯᠡᠳᠭᠡᠯ ᠢ ᠨᠠᠷᠢᠨ ᠬᠢᠨᠠᠮᠠᠭᠠᠢ ᠲᠤᠭᠤᠷᠪᠢᠵᠤ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠳᠤᠷ ᠬᠤᠷᠠᠯᠳᠤᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠵᠠᠢ᠃  ᠬᠤᠷᠠᠯ ᠲᠡᠭᠡᠷ᠎ᠡ᠂ ᠪᠠᠯᠭᠠᠰᠤᠨ ᠤ ᠨᠠᠮ  ᠤᠨ ᠬᠤᠷᠢᠶᠠᠨ ᠤ ᠱᠦᠵᠢ ᠭᠤᠤ ᠶᠢᠩ ᠵᠦᠸᠧ ᠤᠳᠤᠷᠢᠳᠬᠤ ᠪᠠᠭ ᠢᠶᠠᠨ ᠲᠦᠯᠦᠭᠡᠯᠡᠨ ᠬᠠᠷᠢᠴᠠᠭᠤᠯᠤᠨ ᠪᠠᠶᠢᠴᠠᠭᠠᠵᠤ  ᠂ ᠪᠤᠰᠤᠳ ᠭᠡᠰᠢᠬᠦᠳ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠨᠢᠭᠡᠳ ᠨᠢᠬᠡ ᠪᠠᠷ ᠬᠠᠷᠢᠴᠠᠭᠤᠯᠤᠨ ᠪᠠᠶᠢᠴᠠᠭᠠᠵᠤ᠂  ᠲᠦᠪ ᠴᠢᠩᠭ᠎ᠠ ᠪᠠᠷ ᠰᠢᠬᠦᠮᠵᠢᠯᠡᠯ ᠪᠠ ᠦᠪᠡᠷᠦᠨ ᠰᠢᠬᠦᠮᠵᠢᠯᠡᠯ ᠬᠢᠭᠰᠡᠨ ᠪᠠᠶᠢᠨ᠎ᠠ᠃ ᠵᠠᠩ ᠴᠢᠤᠸᠠᠨ ᠢ ᠠᠴᠠ ᠦᠨᠡᠯᠡᠯᠳᠡ ᠬᠢᠬᠦ ᠳᠡᠭᠡᠨ᠂ ᠡᠨᠡ ᠤᠳᠠᠭᠠᠨ ᠤ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ  ᠦᠵᠡᠯ ᠰᠠᠨᠠᠭ᠎ᠠ ᠶᠢ ᠨᠢᠬᠡᠳᠬᠡᠬᠦ᠂  ᠪᠦᠯᠬᠦᠮᠳᠡᠯ ᠨᠢᠬᠳᠠᠷᠠᠯ ᠢ ᠠᠬᠢᠭᠤᠯᠬᠤ᠂  ᠰᠡᠳᠬᠢᠯ ᠬᠦᠴᠦᠨ ᠢ ᠲᠦᠪᠯᠡᠷᠡᠬᠦᠯᠬᠦ ᠦᠷ᠎ᠡ ᠠᠮᠵᠢᠯᠳᠠ ᠳᠤ ᠬᠦᠷᠴᠦ᠂ ᠠᠰᠠᠭᠤᠳᠠᠯ ᠢ ᠬᠦᠨᠵᠡᠬᠡᠢ ᠪᠦᠭᠡᠳ ᠪᠤᠳᠠᠳᠠᠢ ᠲᠡᠯᠬᠡᠨ  ᠂  ᠰᠢᠬᠦᠮᠵᠢᠯᠡᠯ ᠢ ᠦᠨᠡᠨ ᠰᠠᠨᠠᠭᠠᠨ ᠠᠴᠠ ᠪᠠᠨ ᠬᠢᠵᠦ᠂  ᠠᠷᠭ᠎ᠠ ᠠᠪᠴᠢᠯ ᠢ ᠦᠨᠡᠨ ᠪᠤᠳᠠᠳᠠᠢ ᠲᠤᠷᠠᠳᠪᠠ᠃ ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠤᠨ ᠨᠢ ᠡᠷᠭᠡᠪᠰᠢ ᠪᠠᠶᠢᠴᠠᠭᠠᠨ ᠲᠡᠯᠭᠡᠭᠰᠡᠨ ᠠᠰᠠᠭᠤᠳᠠᠯ ᠢᠶᠠᠨ ᠦᠨᠡᠨ ᠪᠤᠳᠠᠳᠠᠢ ᠴᠡᠭᠴᠡᠯᠡᠨ ᠰᠠᠶᠢᠵᠢᠷᠠᠭᠤᠯᠬᠤ ᠲᠡᠭᠡᠷ᠎ᠡ ᠬᠦᠴᠦ ᠲᠠᠯᠪᠢᠵᠤ  ᠂ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠬᠦᠯᠴᠢ ᠶᠢᠨ ᠠᠵᠢᠯ ᠤᠳ ︾ ᠯᠠᠪᠳᠠᠭᠤᠨ ᠪᠠᠳᠤᠳᠠᠢ ᠰᠠᠶᠢᠳᠤᠷ ᠬᠢᠬᠦ    ᠭᠡᠷᠡᠭᠳᠡᠢ ᠬᠡᠵᠦ ᠵᠢᠭᠠᠨ ᠭᠠᠷᠭᠠᠵᠠᠢ᠃ ᠭᠤᠤ ᠶᠢᠩ ᠵᠦᠸᠧ ᠤᠳᠤᠷᠢᠳᠬᠤ ᠪᠠᠭ ᠢᠶᠠᠨ ᠲᠦᠯᠦᠭᠡᠯᠡᠵᠦ ᠤᠪᠤᠷ ᠢᠶᠠᠨ ᠢᠯᠡᠳᠬᠡᠬᠦ ᠳᠡᠭᠡᠨ᠂ ᠨᠢᠬᠡ ᠳᠤ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ  ᠂ ᠬᠠᠷᠢᠭᠤᠴᠠᠯᠭ᠎ᠠ ᠡᠬᠦᠷᠬᠡᠯᠡᠬᠦ ᠶᠢ  ᠴᠢᠩᠭᠠᠳᠬᠠᠨ᠂  ᠬᠠᠮᠤᠭ ᠤᠨ ᠪᠠᠳᠤ ᠤᠪᠤᠷ  ᠬᠠᠮᠤᠭ ᠤᠨ ᠰᠢᠭᠤᠷᠬᠠᠢ ᠠᠵᠢᠯᠯᠠᠭ᠎ᠠ᠂ ᠬᠠᠮᠤᠭ ᠤᠨ ᠴᠢᠩᠭ᠎ᠠ ᠰᠠᠬᠢᠯᠭ᠎ᠠ ᠪᠠᠷ  ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠮᠠᠯᠠᠯᠳᠠ ᠪᠠᠨ ᠪᠡᠶᠡᠯᠡᠬᠦᠯᠦᠨ᠎ᠡ᠃ ᠬᠤᠶᠠᠷ ᠲᠤ  ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ  ᠶᠢ ᠪᠠᠷᠢᠮᠳᠠᠯᠠᠨ᠂  ᠴᠡᠭᠴᠡᠯᠡᠯᠳᠡ ᠨᠠᠶᠢᠳᠠᠪᠤᠷᠢᠵᠢᠭᠤᠯᠤᠯᠳᠠ ᠶᠢ ᠠᠬᠢᠭᠤᠯᠵᠤ   ︽ ᠨᠠᠮ ᠤᠨ ᠬᠤᠷᠢᠶ᠎ᠠ ᠨᠢᠬᠡᠳᠦᠯᠳᠡᠢ ᠤᠳᠤᠷᠢᠳᠤᠭᠰᠠᠨ᠂ ᠲᠡᠭᠡᠷ᠎ᠡ ᠲᠤᠤᠷ᠎ᠠ ᠱᠠᠳᠤ ᠬᠤᠯᠪᠤᠭᠠᠯᠠᠭᠰᠠᠨ᠂   ᠬᠦᠴᠦᠨ ᠢᠶᠠᠨ ᠬᠠᠮᠳᠤᠳᠬᠠᠬᠤ ᠴᠡᠭᠴᠡᠯᠡᠨ ᠰᠠᠶᠢᠵᠢᠷᠠᠭᠤᠯᠤᠭᠰᠠᠨ︾ ᠠᠵᠢᠯ ᠤᠨ ᠪᠠᠶᠢᠷᠢᠰᠢᠯ ᠢ ᠪᠤᠢ ᠪᠤᠯᠭᠠᠨ᠎ᠠ᠃ ᠭᠤᠷᠪᠠ ᠳᠤ ᠦᠷ᠎ᠡ ᠳ᠋ᠦᠩ ᠤᠨ ᠭᠡᠷᠡᠭᠯᠡᠯᠳᠡ  ᠶᠢ ᠬᠦᠨᠵᠡᠬᠡᠶᠢᠷᠡᠬᠦᠯᠵᠦ᠂  ᠡᠬᠦᠷᠭᠡ ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠭᠡᠨ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠳ᠋ᠦᠩ ᠢ  ᠪᠦᠬᠦ ᠪᠠᠯᠭᠠᠰᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠰᠢᠨ᠎ᠡ ᠦᠷ᠎ᠡ ᠠᠮᠵᠢᠯᠳᠠ ᠪᠤᠯᠭᠠᠨ ᠬᠤᠪᠢᠷᠠᠭᠤᠯᠤᠨ᠎ᠠ ᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号