ᠲᠠᠶᠢᠹᠤᠰᠧ ᠬᠤᠰᠢᠭᠤᠨ ᠤ ᠬᠢᠨ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/11/26
  11 ᠰᠠᠷ᠎ᠠ ᠶᠢᠨ 25 ᠤ ᠡᠳᠦᠷ ᠪᠣᠯ  ︽ᠤᠯᠠᠨ ᠤᠯᠤᠰ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠡᠳᠦᠷ︾ ᠪᠣᠯᠣᠨ᠎ᠠ᠂  ᠠᠷᠠᠳ ᠤᠯᠠᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ  ᠲᠡᠭᠡᠭᠰᠢᠯᠡᠬᠦᠯᠵᠦ᠂  ᠨᠡᠶᠢᠭᠡᠮ ᠲᠠᠶᠠᠭᠠᠷ ᠲᠤ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ᠂  ᠪᠤᠤᠴᠠᠩ ᠪᠠᠯᠭᠠᠰᠤᠨ ᠤ   ᠲᠠᠢ ᠫᠢᠩ ᠨᠡᠶᠢᠭᠡᠮ ᠲᠣᠭᠤᠷᠢᠭ ᠲᠤ  ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ ᠡᠨᠡ ᠤᠳᠠᠭᠠᠨ ᠤ ᠠᠵᠢᠯᠯᠠᠭ᠎ᠠ ᠳᠤ ᠬᠤᠰᠢᠭᠤᠨ ᠤ ᠬᠠᠤᠯᠢ ᠴᠠᠭᠠᠵᠠ ᠶᠢᠨ  ᠲᠤᠪᠴᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠡᠷᠬᠢᠯᠡᠭᠴᠢ ᠯᠢᠦ ᠶᠠᠨ ᠰᠢᠨ ᠢ ᠣᠨᠴᠠ ᠤᠷᠢᠵᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠲᠦᠷᠢᠮ  ᠤᠨ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠯᠢᠦ ᠶᠠᠨ ᠰᠢᠨ ᠠᠴᠠ ᠭᠡᠷ ᠪᠦᠯᠢ ᠶᠢᠨ ᠬᠦᠴᠦᠷᠬᠡᠭᠯᠡᠯ ᠤᠨ ᠤᠬᠠᠭᠳᠠᠬᠤᠨ ᠪᠠ ᠲᠥᠷᠥᠯ ᠬᠡᠯᠪᠡᠷᠢ᠂ ᠣᠷᠣᠰᠢᠵᠤ ᠪᠠᠶᠢᠭ᠎ᠠ ᠰᠢᠯᠲᠠᠭᠠᠨ ᠪᠠ ᠣᠳᠣᠬᠢ ᠪᠠᠶᠢᠳᠠᠯ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠬᠤ ᠠᠷᠭ᠎ᠠ  ᠠᠪᠴᠢᠯ ᠤᠨ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠬᠠᠤᠯᠢ ᠪᠠᠷ ᠬᠡᠷᠡᠭ ᠢ ᠵᠠᠳᠠᠯᠵᠤ᠂ ᠣᠳᠣᠬᠠᠨ ᠤ ᠭᠡᠷ ᠪᠦᠯᠢ ᠶᠢᠨ ᠬᠦᠴᠦᠷᠬᠡᠭᠯᠡᠯ ᠤᠨ ᠣᠨᠴᠠᠯᠢᠭ ᠰᠢᠨᠵᠢ᠂ ᠬᠤᠣᠷ ᠬᠦᠨᠦᠬᠡᠯ ᠵᠢᠴᠢ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠬᠤ ᠦᠶ᠎ᠡ ᠳᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠭᠰᠠᠨ ᠪᠠᠶᠢᠨ᠎ᠠ᠃  ᠠᠵᠢᠯᠯᠠᠭᠠᠨ ᠤ ᠳᠤᠮᠳᠠ᠂  ᠪᠠᠶᠢᠴᠠᠭᠠᠬᠤ ᠬᠤᠷᠢᠶ᠎ᠠ ᠪᠠ ᠰᠢᠭᠦᠬᠦ ᠬᠤᠷᠢᠶᠠᠨ ᠤ ᠬᠢᠨ ᠪᠠᠰᠠ ᠡᠮᠡᠭᠲᠡᠶᠢᠴᠦᠳ ᠬᠡᠤᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠶᠢᠨ ᠲᠣᠭᠤᠷᠢᠨ ᠳᠤ ᠬᠠᠮᠢᠶ᠎ᠠ ᠪᠥᠬᠦᠶ ᠲᠠᠶᠢᠯᠤᠮᠵᠢ ᠬᠢᠭᠰᠡᠨ ᠪᠥᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠪᠠ᠃ ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠡᠬᠦᠷ ᠤᠨ ᠱᠦᠵᠢ ᠴᠧᠨ ᠶᠦᠩ ᠮᠧᠢ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠡᠮᠡᠭᠲᠡᠶᠢᠴᠦᠳ ᠤᠨ ᠬᠠᠤᠯᠢ ᠪᠠᠷ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠤᠯᠠᠮ ᠲᠡᠭᠡᠭᠰᠢᠯᠡᠭᠰᠡᠨ᠃ ᠮᠠᠨ ᠤ ᠨᠡᠶᠢᠭᠡᠮ ᠲᠣᠭᠤᠷᠢᠭ ᠨᠢ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠯᠪᠠᠰᠤᠨ ᠬᠡᠷ ᠪᠦᠯᠢ ᠶᠢᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠂ ᠭᠡᠷ ᠪᠦᠯᠢ ᠶᠢᠨ ᠵᠥᠷᠢᠴᠡᠯ ᠵᠢᠭᠤᠷᠠᠭᠠᠨ ᠢ ᠠᠷᠢᠯᠭᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠥᠷᠭᠡᠨ ᠣᠯᠠᠨ ᠡᠮᠡᠭᠲᠡᠶᠢᠴᠦᠳ ᠢ ᠵᠢᠯᠤᠭᠤᠳᠤᠨ ᠬᠠᠤᠯᠢ ᠲᠦᠷᠢᠮ ᠢ ᠮᠡᠳᠡᠬᠦᠯᠵᠦ᠂  ᠬᠠᠤᠯᠢ ᠲᠦᠷᠢᠮ ᠢ ᠰᠠᠬᠢᠭᠤᠯᠵᠤ᠂  ᠲᠡᠳᠡᠨ ᠳᠤ ᠬᠠᠤᠯᠢ  ᠲᠦᠷᠢᠮ ᠤᠨ  ᠲᠤᠰᠠᠯᠠᠮᠵᠢ ᠦᠵᠡᠬᠦᠯᠦᠨ᠂ ᠡᠮᠡᠭᠳᠡᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︾ ᠬᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号