ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠪᠣᠯ ᠲᠠᠷᠢᠮᠠᠯ ᠤᠨ ᠤᠨᠠᠯᠲᠠ ᠶᠢ ᠪᠠᠳᠤᠯᠠᠵᠤ | ᠴᠢᠨᠠᠷ ᠢ ᠰᠠᠶᠢᠵᠢᠷᠠᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ 2024 ᠣᠨ ᠳᠤ ᠲᠠᠶᠢᠹᠤᠰᠧ ᠬᠤᠰᠢᠭᠤᠨ ᠤ ᠬᠢᠨ | 13.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠠᠢ᠂ ᠡᠭᠦᠨ ᠳᠤ᠄ ᠰᠢᠨ᠎ᠡ ᠪᠠᠷ | ᠪᠠᠶᠢᠭᠤᠯᠤᠭᠰᠠᠨ ᠨᠢ 11.5 ᠲᠦᠮᠡᠨ ᠮᠦ᠂ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠬᠢᠭᠰᠡᠨ ᠨᠢ 2 | ᠲᠦᠮᠡᠨ ᠮᠦ᠃ ᠲᠥᠷᠥᠯ ᠵᠦᠢᠯ ᠤᠨ ᠪᠠᠶᠢᠭᠤᠯᠤᠯᠲᠠ ᠳᠤ ᠨᠡᠶᠢᠳᠡ 3.368 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠵᠤ ᠂ 6 ᠰᠢᠶᠠᠩ ᠪᠠᠯᠭᠠᠰᠤ᠂ 59 ᠭᠠᠴᠠᠭ᠎ᠠ ᠲᠣᠰᠬᠤᠨ ᠤ 83 ᠡᠷᠦᠬᠡ᠂ 13677 ᠬᠥᠮᠦᠨ ᠠᠰᠢᠭ | ᠬᠦᠷᠳᠡᠭᠡᠳ᠂ ᠬᠥᠮᠦᠨ ᠳᠤᠮᠳᠠᠴᠢ ᠶᠢᠨ ᠣᠷᠣᠯᠭ᠎ᠠ ᠶᠢ ᠪᠠᠷᠤᠭ 5000 ᠲᠥᠭᠦᠷᠢᠭ ᠨᠡᠮᠡᠭᠳᠡᠬᠦᠯᠵᠦ᠂ ᠮᠥ ᠪᠦᠷᠢᠳᠡᠬᠢ | ᠤᠰᠤ ᠠᠷᠪᠢᠯᠠᠬᠤ ᠬᠡᠮᠵᠢᠶ᠎ᠡ ᠳᠤᠮᠳᠠᠴᠢ ᠪᠠᠷ ᠪᠠᠷᠤᠭ 22 ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠤᠶᠢᠷ᠎ᠠ | ᠶᠢᠨ ᠵᠢᠯ ᠳᠤ᠂ ᠲᠠᠶᠢᠹᠤᠰᠧ ᠬᠤᠰᠢᠭᠤ ᠨᠢ ︽ᠠᠮᠤ ᠪᠤᠳᠠᠭ᠎ᠠ ᠶᠢ ᠭᠠᠵᠠᠷ ᠲᠤᠨᠢ ᠬᠠᠳᠠᠭᠠᠯᠠᠨ᠂ ᠠᠮᠤ ᠪᠤᠳᠠᠭ᠎ᠠ ᠶᠢ | ᠮᠡᠷᠭᠡᠵᠢᠯ ᠢᠶᠠᠷ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ | ᠠᠮᠤ ᠪᠤᠳᠠᠭᠠᠨ ᠤ ᠠᠮᠤᠷ ᠲᠦᠪᠰᠢᠨ ᠢ ᠴᠠᠭ ᠢᠮᠠᠭᠲᠠ ︽ ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠲᠠᠷᠢᠶ᠎ᠠ᠂ ᠪᠡᠯᠴᠢᠭᠡᠷ᠂ ᠤᠰᠤ᠂ | ᠵᠠᠮ᠂ ᠣᠢ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠬᠤ ᠵᠠᠭᠪᠤᠷ ᠢ ᠯᠠᠪᠳᠠᠭᠤᠨ | ᠪᠠᠲᠤᠲᠠᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠶᠢ ᠦᠷᠭᠦᠯᠵᠢᠯᠡᠨ | ᠠᠬᠢᠭᠤᠯᠵᠤ ᠢᠷᠡᠪᠡ᠃ ᠤᠳᠤ ᠪᠣᠯᠲᠠᠯ᠎ᠠ᠂ ᠲᠤᠰ ᠬᠤᠰᠢᠭᠤ ᠨᠢ 13.5 ᠲᠦᠮᠡᠨ ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠠᠶᠢᠭᠤᠯᠤᠯᠳᠠ ᠶᠢᠨ ᠢᠶᠠᠨ 98% ᠶᠢ ᠨᠢᠭᠡᠨᠲᠡ ᠪᠡᠶᠡᠯᠡᠬᠦᠯᠦᠭᠡᠳ᠂ 11 ᠰᠠᠷ᠎ᠠ ᠶᠢᠨ 25 ᠤ | ᠡᠳᠦᠷ ᠭᠤᠷᠪᠠᠳᠠᠬᠢ ᠡᠲᠡᠭᠡᠳ ᠢ ᠤᠷᠢᠵᠤ ᠲᠥᠷᠥᠯ ᠵᠦᠢᠯ ᠤᠨ ᠥᠪᠡᠷ ᠤᠨ ᠪᠠᠶᠢᠴᠠᠭᠠᠯᠲᠠ ᠶᠢ ᠬᠢᠬᠦ ᠶᠢᠨ ᠬᠠᠮᠳᠤ᠂ | ᠪᠠᠯᠠ ᠮᠥᠩᠭᠦ ᠰᠠᠯᠭᠠᠨ ᠥᠭᠬᠦ ᠠᠵᠢᠯ ᠢ ᠴᠤ ᠵᠡᠷᠭᠡ ᠪᠠᠷ ᠶᠠᠪᠤᠭᠳᠠᠭᠤᠯᠵᠤ ᠪᠠᠶᠢᠨ᠎ᠠ᠃ 2025 ᠣᠨ ᠳᠤ | ᠲᠠᠶᠢᠹᠤᠰᠧ ᠬᠤᠰᠢᠭᠤ ᠨᠢ ᠪᠠᠰᠠ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ | ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 2527 ᠲᠦᠮᠡᠨ | ᠲᠥᠭᠦᠷᠢᠭ ᠲᠤ ᠬᠦᠷᠬᠦ ᠪᠠᠷ ᠵᠢᠱᠢᠵᠡᠢ᠃ ᠤᠳᠤ ᠭᠠᠵᠠᠷ ᠰᠢᠷᠤᠢ ᠶᠢ ᠪᠠᠶᠢᠴᠠᠭᠠᠨ ᠬᠡᠮᠵᠢᠬᠦ᠂ ᠠᠩᠬᠠᠨ ᠤ ᠵᠢᠷᠤᠭ | ᠲᠥᠯᠥᠪᠯᠡᠭᠡ ᠶᠢ ᠭᠠᠷᠭᠠᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠶᠠᠭ ᠤᠷᠤᠭᠰᠢᠳᠠᠢ ᠶᠠᠪᠤᠭᠳᠠᠵᠤ | ᠪᠤᠢ᠃ |