ᠳ᠋ᠦᠩ ᠶᠦᠨ ᠱᠧᠩ᠂ 1972 ᠣᠨ ᠤ 6 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠂ ᠣᠲᠣ ᠲᠠᠶᠢᠹᠤᠰᠧ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠤᠨ ᠡᠷᠬᠢᠯᠡᠭᠴᠢ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ | ᠪᠤᠢ᠃ ᠲᠤᠰᠢᠶᠠᠯ ᠡᠭᠦᠷᠭᠡᠯᠡᠬᠦ ᠬᠤᠭᠤᠴᠠᠭᠠᠨ ᠳᠠᠭᠠᠨ᠂ ᠳ᠋ᠦᠩ ᠶᠦᠨ ᠱᠧᠩ ︽ᠦᠨᠡᠨᠴᠢ ᠬᠠᠯᠠᠭᠤᠨ ᠰᠡᠳᠬᠢᠯ ᠢᠶᠠᠷ | ᠦᠳᠡᠯᠦᠬᠡ ᠪᠤᠭᠤᠷᠤᠯᠴᠤᠳ ᠲᠤ ᠦᠢᠯᠡᠴᠢᠯᠡᠬᠦ︾ ᠵᠣᠷᠢᠯᠲᠠ ᠶᠢ ᠪᠠᠷᠢᠮᠳᠠᠯᠠᠨ᠂ ᠡᠯ᠎ᠡ ᠲᠦᠷᠦᠯ ᠤᠨ | ᠦᠢᠯᠡᠴᠢᠯᠡᠭᠡᠨ ᠤ ᠠᠵᠢᠯ ᠢ ᠨᠠᠷᠢᠯᠢᠭ ᠮᠦᠷᠳᠡᠭᠡᠨ ᠪᠣᠳᠠᠲᠠᠢ ᠬᠢᠵᠦ᠂ ᠨᠠᠰᠤᠳᠠᠶᠢᠴᠤᠳ ᠢ ᠥᠪᠡᠷ ᠤᠨ ᠲᠦᠷᠦᠯ | ᠰᠠᠳᠤᠨ ᠲᠠᠢ ᠪᠠᠨ ᠠᠳᠠᠯᠢ ᠦᠵᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠰᠠᠷᠠᠮᠵᠢ ᠶᠢᠨ ᠦᠢᠯᠡᠰ ᠤᠨ ᠲᠤᠬᠠᠢ | ᠬᠠᠶᠢᠷ᠎ᠠ ᠰᠡᠳᠬᠢᠯᠭᠡ ᠪᠠ ᠪᠠᠷᠢᠮᠲᠠᠯᠠᠯ ᠢ ᠦᠢᠯᠡᠳᠦᠯᠭᠡᠵᠢᠭᠦᠯᠵᠡᠢ᠃ | ᠲᠠᠶᠢᠹᠤᠰᠧ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠤᠷᠤᠬᠤ ᠳᠤ᠂ ᠴᠡᠪᠡᠷ | ᠴᠡᠮᠴᠡᠭᠡᠷ ᠭᠡᠷ ᠦᠷᠦᠭᠡ ᠨᠦᠭᠦᠳ ᠢᠶᠠᠷ ᠨᠠᠰᠤᠳᠠᠶᠢᠴᠤᠳ ᠤᠨ ᠵᠠᠷᠢᠮ ᠨᠢ ᠲᠧᠯᠸᠢᠰ ᠦᠵᠡᠵᠦ ᠷᠠᠳᠢᠤ᠋ ᠰᠤᠨᠤᠰᠤᠨ᠂ | ᠵᠠᠷᠢᠮ ᠨᠢ ᠰᠢᠳᠠᠷ᠎ᠠ ᠲᠠᠯᠪᠢᠵᠤ ᠬᠦᠵᠦᠷ ᠲᠤᠭᠯᠠᠨ᠂ ᠪᠠᠰᠠ ᠵᠠᠷᠢᠮ ᠨᠢ ᠦᠯᠢᠬᠡᠷ ᠬᠠᠭᠤᠴᠢᠯᠠᠵᠤ ᠵᠣᠭᠤᠭ ᠲᠡᠯᠬᠡᠭᠡᠳ | ︽ᠦᠳᠡᠯᠦᠬᠡ ᠨᠠᠰᠤᠨ ᠤ ᠲᠤᠯᠠᠭᠠᠨ ᠪᠠᠭᠤᠴᠠ︾ ᠳᠤ ᠡᠩᠬᠡ ᠵᠢᠷᠭᠠᠯ ᠤᠨ ᠠᠭᠤᠷ ᠠᠮᠢᠰᠬᠤᠯ ᠪᠢᠯᠬᠠᠨ᠎ᠠ᠃ | ᠲᠠᠶᠢᠹᠤᠰᠧ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠪᠣᠯ ᠪᠥᠬᠦ ᠠᠶᠢᠮᠠᠭ ᠲᠠᠭᠠᠨ | ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠠᠰᠠᠷᠠᠮᠵᠢ ᠬᠦᠷᠳᠡᠬᠦ ᠨᠠᠰᠤᠳᠠᠶᠢᠴᠤᠳ ᠤᠨ | ᠲᠤᠭ᠎ᠠ ᠪᠠᠷ ᠬᠠᠮᠤᠭ ᠤᠨ ᠣᠯᠠᠨ᠂ ᠬᠤᠰᠢᠭᠤ ᠰᠢᠶᠠᠨ ᠱᠠᠲᠤᠨ ᠤ ᠠᠯᠪᠠᠨ ᠠᠴᠠ ᠡᠷᠭᠢᠯᠡᠭᠰᠡᠨ ᠨᠠᠰᠤᠳᠠᠶᠢᠴᠤᠳ ᠤᠨ | ᠠᠰᠠᠷᠠᠮᠵᠢ ᠶᠢᠨ ᠪᠠᠶᠢᠭᠤᠯᠤᠮᠵᠢ ᠪᠠᠶᠢᠵᠤ᠂ ᠤᠳᠤᠬᠠᠨ ᠳᠠᠭᠠᠨ 152 ᠨᠠᠰᠤᠳᠠᠨ ᠠᠳᠡ ᠠᠮᠢᠳᠤᠷᠠᠵᠤ ᠪᠠᠶᠢᠭ᠎ᠠ᠃ | ᠠᠳᠡᠬᠢ ᠨᠠᠰᠤᠳᠠᠶᠢᠴᠤᠳ ᠤᠨ ᠳᠤᠮᠳᠠᠴᠢ ᠨᠠᠰᠤ ᠨᠢ 75 ᠪᠦᠬᠦᠯᠢ ᠨᠠᠰᠤ ᠪᠠᠶᠢᠵᠤ᠂ ᠬᠠᠮᠤᠭ ᠶᠡᠭᠡ ᠨᠢ ᠨᠢᠬᠡᠨᠳᠡ | ᠵᠠᠭᠤ ᠭᠠᠷᠤᠭᠰᠠᠨ ᠦᠨᠳᠦᠷ ᠨᠠᠰᠤᠳᠠᠢ᠃ ᠡᠶᠢᠮᠦ ᠤᠯᠠᠨ ᠢ ᠨᠠᠰᠤᠳᠠᠶᠢᠴᠤᠳ ᠢ ᠠᠰᠠᠷᠠᠵᠤ ᠬᠠᠷᠠᠭᠠᠯᠵᠠᠬᠤ᠂ | ᠢᠳᠡᠵᠦ ᠤᠤᠭᠤᠬᠤ ᠤᠨᠲᠠᠵᠤ ᠬᠡᠪᠲᠡᠬᠦ ᠶᠢ ᠨᠢ ᠲᠤᠬᠢᠷᠠᠭᠤᠯᠬᠤ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠢ | ᠠᠩᠬᠠᠷᠬᠤ ᠵᠢᠴᠢ ᠠᠮᠤᠷ ᠲᠦᠪᠰᠢᠨ ᠢ ᠬᠠᠮᠠᠭᠠᠯᠠᠵᠤ ᠠᠶᠤᠯᠭᠦᠢ ᠦᠢᠯᠡᠳᠪᠦᠷᠢᠯᠡᠯ ᠢ ᠪᠠᠳᠤᠯᠠᠬᠤ ᠪᠣᠯ ᠬᠢᠯᠪᠠᠷᠬᠠᠨ | ᠶᠠᠪᠤᠳᠠᠯ ᠪᠢᠰᠢ ᠶᠤᠮ᠃ ᠨᠠᠰᠤᠳᠠᠶᠢᠴᠤᠳ ᠤᠨ ᠭᠡᠷ ᠦᠷᠦᠭᠡ ᠨᠢ ᠲᠤᠯᠠᠭᠠᠨ ᠡᠰᠡᠬᠦ᠂ ᠬᠦᠨᠵᠢᠯᠡ ᠲᠡᠪᠢᠰᠬᠡᠷ ᠨᠢ | ᠬᠠᠭᠤᠷᠠᠢ ᠡᠰᠡᠬᠦ᠂ ᠬᠤᠪᠴᠠᠰᠤ ᠬᠤᠨᠠᠷ ᠨᠢ ᠴᠡᠪᠡᠷ ᠡᠰᠡᠬᠦ᠂ ᠬᠤᠭᠤᠯᠠ ᠤᠮᠳᠠ ᠨᠢ ᠲᠤᠬᠢᠷᠠᠮᠵᠢᠳᠠᠢ ᠡᠰᠡᠬᠦ᠂ | ᠲᠠᠪᠤᠰᠤ ᠬᠤᠵᠢᠷ ᠨᠢ ᠴᠢᠩᠭᠠᠳᠤᠭᠰᠠᠨ ᠡᠰᠡᠬᠦ ᠂ ᠡᠪᠡᠳᠴᠢᠨ ᠬᠠᠭᠤᠴᠢ ᠨᠢ ᠬᠦᠳᠡᠯᠦᠭᠰᠡᠨ ᠡᠰᠡᠬᠦ᠂᠂᠂᠂᠂᠂᠂ | ᠡᠨᠡ ᠪᠦᠬᠦᠨ ᠢ ᠪᠠᠶᠢᠴᠠᠭᠠᠨ ᠤᠶᠢᠯᠠᠭᠠᠬᠤ ᠶᠢᠨ ᠲᠦᠯᠦᠭᠡ ᠠᠶᠤᠵᠤ᠂ ᠳ᠋ᠦᠩ ᠶᠦᠨ ᠱᠧᠩ ᠴᠢᠯᠥᠭᠡ ᠭᠠᠷᠪᠠᠯ | ᠯᠠ ᠨᠠᠰᠤᠳᠠᠶᠢᠴᠤᠳ ᠤᠨ ᠦᠷᠦᠭᠡ ᠪᠠᠷ ᠲᠤᠭᠤᠷᠢᠵᠤ᠂ ᠨᠠᠰᠤᠳᠠᠶᠢᠴᠤᠳ ᠲᠠᠢ ᠶᠠᠷᠢᠶ᠎ᠠ ᠵᠤᠭᠤᠭ ᠲᠡᠯᠬᠡᠵᠦ ᠰᠠᠭᠤᠳᠠᠭ | ᠂ ᠡᠨᠡ ᠪᠣᠯ ᠲᠡᠬᠦᠨ ᠤ ᠡᠴᠢᠨᠡᠨ ᠵᠢᠯ ᠪᠠᠷᠢᠮᠳᠠᠯᠠᠵᠤ ᠢᠷᠡᠭᠰᠡᠨ ᠡᠳᠦᠷ ᠲᠤᠳᠤᠮ ᠤᠨ ᠠᠵᠢᠯ ᠪᠢᠯᠡ᠃ | ᠨᠠᠰᠤᠲᠠᠨ ᠰᠦᠩ ᠬᠦᠶ᠄ ︽ ᠭᠠᠷᠠᠭ ᠪᠤᠯᠭᠠᠨ ᠪᠡᠶ᠎ᠡ ᠪᠠᠨ ᠤᠭᠢᠶᠠᠨ᠎ᠠ᠂ ᠬᠦᠷᠢᠶᠡᠯᠡᠩ ᠤᠨ ᠲᠠᠷᠤᠭ᠎ᠠ ᠪᠠᠶᠢᠩᠭᠤ | ᠪᠢᠳᠡᠨ ᠳᠤ ᠬᠠᠨᠢ ᠪᠤᠯᠳᠠᠭ᠂ ᠪᠠᠶᠠᠷ ᠲᠤᠷᠠᠰᠬᠠᠯ ᠤᠨ ᠡᠳᠦᠷ ᠴᠤ ᠭᠡᠰᠡᠨ ᠪᠢᠳᠠᠨ ᠲᠠᠢ ᠬᠠᠮᠳᠤ ᠪᠠᠶᠢᠵᠤ᠂ ᠪᠢᠲᠡᠨ | ᠲᠠᠢ ᠬᠠᠮᠳᠤ ᠪᠠᠶᠠᠷ ᠤᠨ ᠡᠳᠦᠷ ᠤᠨ ᠬᠤᠭᠤᠯᠠ ᠪᠤᠳᠠᠭ᠎ᠠ ᠢᠳᠡᠨ᠎ᠡ᠂ ᠮᠠᠨ ᠤ ᠠᠮᠢᠳᠤᠷᠠᠯ ᠴᠤ ᠮᠠᠰᠢᠨ ᠰᠠᠶᠢᠨ᠂ | ᠮᠢᠬ᠎ᠠ ᠱᠦᠯᠦ ᠬᠡᠵᠢᠶᠡᠳᠡ ᠲᠤᠳᠠᠬᠤ ᠦᠬᠡᠢ︾᠃ | ᠠᠵᠢᠯᠳᠠᠨ ᠭᠤᠤ ᠰᠢᠶᠠᠩ᠄ ︽ᠮᠠᠨ ᠤ ᠳᠠᠷᠤᠭ᠎ᠠ ᠬᠡᠵᠦ ᠠᠵᠢᠯ ᠳᠠᠭᠠᠨ ᠮᠠᠰᠢ ᠬᠢᠨᠠᠮᠠᠭᠠᠢ ᠬᠦᠮᠦᠨ ᠰᠢᠦ᠂ | ᠨᠠᠰᠤᠳᠠᠶᠢᠴᠤᠳ ᠢ ᠬᠠᠯᠠᠮᠵᠢᠯᠠᠬᠤ ᠪᠠᠷ ᠪᠠᠷᠠᠬᠤ ᠦᠬᠡᠢ ᠲᠤᠤᠷᠠᠬᠢ ᠠᠵᠢᠯᠳᠠᠳ ᠢᠶᠠᠨ ᠴᠤ ᠢᠮᠠᠭᠳᠠ ᠬᠠᠯᠠᠮᠵᠢᠯᠠᠳᠠᠭ᠂ | ᠲᠡᠷᠡᠪᠡᠷ ᠨᠠᠰᠤᠳᠠᠶᠢᠴᠤᠳ ᠤᠨ ᠲᠦᠷᠦᠭᠰᠡᠨ ᠡᠳᠦᠷ ᠢ ᠪᠦᠷ ᠲᠤᠳᠤᠷᠬᠠᠢ ᠮᠡᠳᠡᠨ᠎ᠡ᠂ ᠬᠤᠭᠤᠯᠠ ᠤᠮᠳᠠ ᠶᠢ ᠴᠤ | ᠪᠡᠶ᠎ᠡ ᠪᠠᠷ ᠢᠶᠠᠨ ᠬᠦᠷᠭᠡᠳᠡᠭ᠂ ᠤᠯᠠᠨ ᠳᠠᠭᠠᠨ ᠬᠦᠷᠢᠶᠡᠯᠡᠯ ᠲᠠᠢ ᠰᠠᠶᠢᠨ ᠺᠠᠳ᠋ᠷ ᠰᠢᠦ︾᠃ | ᠳ᠋ᠦᠩ ᠶᠦᠨ ᠱᠧᠩ ᠠᠰᠠᠷᠠᠭᠴᠢ ᠳᠤᠲᠠᠭᠳᠠᠵᠤ ᠪᠠᠶᠢᠭ᠎ᠠ ᠪᠤᠳᠠᠳᠠᠢ ᠠᠰᠠᠭᠤᠳᠠᠯ ᠳᠤ ᠴᠢᠭᠯᠡᠬᠦᠯᠦᠨ᠂ | ᠰᠠᠨᠠᠭᠠᠴᠢᠯᠠᠭ᠎ᠠ ᠠᠴᠠ ᠪᠠᠨ ᠤᠢᠢᠷ᠎ᠠ ᠬᠠᠪᠢ ᠶᠢᠨ ᠲᠣᠰᠬᠤᠨ ᠤ ᠨᠠᠮ ᠤᠨ ᠡᠭᠦᠷ ᠲᠠᠢ ᠬᠠᠷᠢᠯᠴᠠᠵᠤ᠂ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠢ ᠭᠡᠷ ᠪᠦᠯᠢ ᠠᠴᠠ 28 ᠬᠦᠮᠦᠨ ᠡᠯᠰᠡᠵᠦ᠂ ᠠᠵᠢᠯᠴᠢᠨ ᠬᠡᠷᠡᠭᠯᠡᠬᠦ ᠠᠰᠠᠭᠤᠳᠠᠯ | ᠢᠶᠠᠨ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠬᠡᠰᠡᠭ ᠶᠠᠳᠠᠭᠤ ᠬᠦᠴᠢᠷᠳᠡᠯᠲᠡᠢ ᠬᠥᠮᠦᠰ ᠲᠤ ᠭᠡᠷ ᠠᠴᠠ ᠨᠢ | ᠤᠶᠢᠷᠠᠬᠠᠨ ᠠᠵᠢᠯ ᠤᠯᠭᠤᠭᠠᠳ ᠣᠷᠣᠯᠭ᠎ᠠ ᠪᠠᠨ ᠨᠡᠮᠡᠭᠳᠡᠭᠦᠯᠬᠦ ᠠᠵᠠ ᠲᠣᠬᠢᠶᠠᠯ ᠬᠠᠩᠭᠠᠵᠠᠢ᠃ ᠲᠡᠭᠡᠬᠦ ᠮᠦᠷᠳᠡᠭᠡᠨ | ᠥᠪᠡᠷ ᠤᠨ ᠦᠪᠯᠡᠵᠦ ᠬᠤᠷᠠᠮᠳᠤᠭᠤᠯᠤᠭᠰᠠᠨ ᠠᠵᠢᠯ ᠤᠨ ᠲᠤᠷᠰᠢᠯᠭ᠎ᠠ ᠪᠣᠯᠤᠨ ᠰᠤᠪᠢᠯᠠᠯᠲᠠ ᠶᠢᠨ ᠮᠡᠳᠡᠯᠭᠡ ᠪᠠᠷ ᠢᠶᠠᠨ | ᠡᠳᠡᠭᠡᠷ ᠰᠢᠨ᠎ᠡ ᠡᠯᠰᠡᠭᠰᠡᠨ ᠠᠵᠢᠯᠳᠠᠳ ᠲᠤ ᠨᠠᠰᠤᠲᠠᠶᠢᠴᠤᠳ ᠤᠨ ᠠᠰᠠᠷᠠᠮᠵᠢ ᠶᠢᠨ ᠲᠤᠬᠠᠢ ᠮᠡᠳᠡᠯᠭᠡ ᠮᠡᠷᠭᠡᠵᠢᠯ ᠢ | ᠤᠯᠠᠮᠵᠢᠯᠠᠵᠤ᠂ ᠨᠠᠰᠤᠲᠠᠶᠢᠴᠤᠳ ᠲᠠᠢ ᠶᠠᠭᠠᠬᠢᠵᠤ ᠬᠠᠷᠢᠯᠴᠠᠬᠤ᠂ ᠨᠠᠰᠤᠲᠠᠶᠢᠴᠤᠳ ᠢ ᠶᠠᠭᠠᠬᠢᠵᠤ ᠬᠠᠷᠠᠭᠠᠯᠵᠠᠬᠤ | ᠲᠤᠬᠠᠢ ᠲᠠᠶᠢᠯᠪᠤᠷᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠡᠨᠡ ᠨᠢᠬᠡᠨ ᠰᠠᠯᠠᠭ᠎ᠠ ᠣᠨᠴᠠᠭᠠᠶ ᠠᠵᠢᠯᠳᠠᠳ ᠤᠨ ᠡᠩᠨᠡᠭᠡ | ᠪᠠᠨ ᠠᠮᠵᠢᠯᠲᠠ ᠲᠠᠢ ᠳᠠᠭᠠᠭᠤᠯᠵᠤ᠂ ᠨᠠᠰᠤᠲᠠᠶᠢᠴᠤᠳ ᠲᠤ ᠴᠢᠨᠠᠷ ᠰᠠᠶᠢᠲᠠᠢ ᠦᠢᠯᠡᠴᠢᠯᠡᠭᠡ ᠶᠢ ᠬᠠᠩᠭᠠᠭᠰᠠᠨ ᠪᠠᠶᠢᠨ᠎ᠠ | | ᠳ᠋ᠦᠩ ᠶᠦᠨ ᠱᠧᠩ᠄ ︽ᠬᠦᠷᠢᠶᠡᠯᠡᠩ ᠳᠤ ᠰᠠᠭᠤᠭ᠎ᠠ ᠨᠠᠰᠤᠲᠠᠶᠢᠴᠤᠳ ᠪᠤᠯ ᠣᠯᠠᠩᠬᠢ ᠨᠢ ᠪᠦᠷ ᠪᠡᠶ᠎ᠡ ᠪᠠᠨ | ᠲᠠᠭᠠᠭᠠᠬᠤ ᠴᠢᠳᠠᠪᠤᠷᠢ ᠦᠬᠡᠢ ᠪᠤᠶᠤ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠨ ᠪᠠᠶᠢᠭ᠎ᠠ᠂ ᠬᠦᠷᠢᠶᠡᠯᠡᠩ ᠤᠨ | ᠲᠠᠷᠤᠭ᠎ᠠ ᠪᠣᠯᠤᠭᠰᠠᠨ ᠤ ᠬᠤᠪᠢ ᠳᠤ ᠨᠠᠰᠤᠲᠠᠶᠢᠴᠤᠳ ᠤᠨ ᠬᠤᠭᠤᠯᠠ ᠤᠮᠳᠠ ᠶᠢ ᠰᠠᠶᠢᠬᠠᠨ ᠲᠤᠬᠢᠷᠠᠭᠤᠯᠵᠤ᠂ | ᠬᠤᠨᠤᠭ ᠪᠠᠶᠢᠷᠢ ᠶᠢ ᠲᠤᠬᠢᠯᠢᠭ ᠪᠠᠶᠢᠯᠭᠠᠨ᠂ ᠡᠯᠢᠭᠡᠨ ᠰᠠᠳᠤᠨ ᠲᠠᠢ ᠨᠢ ᠠᠳᠠᠯᠢ ᠪᠠᠷ ᠬᠠᠨᠳᠤᠵᠤ᠂ ᠥᠪᠡᠷ ᠤᠨ | ᠭᠡᠷ ᠲᠡᠭᠡᠨ ᠪᠠᠶᠢᠬᠤ ᠰᠢᠭ᠋ ᠠᠮᠢᠳᠤᠷᠠᠭᠤᠯᠬᠤ ᠪᠤᠯ ᠮᠢᠨᠦ ᠡᠭᠦᠷᠭᠡ ᠬᠠᠷᠢᠭᠤᠴᠠᠯᠭ᠎ᠠ ᠪᠤᠯᠤᠨ᠎ᠠ᠂ ᠬᠤᠶᠢᠰᠢᠳᠠ ᠴᠤ | ᠭᠡᠰᠡᠨ ᠤᠯᠠᠮ ᠢᠯᠡᠭᠦᠦ ᠴᠢᠷᠮᠠᠶᠢᠵᠤ᠂ ᠨᠠᠰᠤᠲᠠᠶᠢᠴᠤᠳ ᠲᠠᠭᠠᠨ ᠨᠡᠩ ᠲᠠᠭᠠᠯᠠᠮᠵᠢᠲᠠᠢ ᠰᠠᠶᠢᠬᠠᠨ ᠠᠮᠢᠳᠤᠷᠠᠯ ᠤᠨ | ᠣᠷᠴᠢᠨ ᠨᠦᠬᠦᠴᠡᠯ ᠢ ᠡᠭᠦᠳᠴᠦ ᠥᠭᠬᠦ ᠪᠠᠷ ᠦᠷᠬᠦᠯᠵᠢᠯᠡᠨ ᠴᠢᠷᠮᠠᠶᠢᠨ᠎ᠠ︾᠃ | ᠠᠷᠪᠠᠭᠠᠳ ᠵᠢᠯ ᠤᠨ ᠲᠤᠷᠰᠢ᠂ ᠳ᠋ᠦᠩ ᠶᠦᠨ ᠱᠧᠩ ᠥᠪᠡᠷ ᠤᠨ ᠡᠷᠡᠰ ᠪᠠᠲᠤ ᠢᠲᠡᠭᠡᠯ ᠵᠣᠷᠢᠭ ᠪᠣᠯᠤᠨ ᠡᠷᠢᠯ | ᠬᠥᠭᠡᠭᠡᠴᠡᠯᠳᠦᠯ ᠢᠶᠠᠷ ᠢᠶᠠᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠦᠢᠯᠡᠰ ᠢ ᠪᠦᠳᠦᠭᠡᠭᠰᠡᠨ | ᠪᠤᠯᠬᠤᠷ᠂ ᠠᠮᠵᠢᠯᠳᠠ ᠪᠦᠳᠦᠮᠵᠢ ᠪᠠᠨ ᠢᠷᠠᠭᠤ ᠠᠯᠳᠠᠷ ᠢᠶᠠᠷ ᠮᠢᠯᠢᠶᠠᠯᠭᠠᠵᠤ ᠢᠷᠡᠵᠡᠢ᠃ 2020 ᠣᠨ ᠳᠤ᠂ | ᠳ᠋ᠦᠩ ᠶᠦᠨ ᠱᠧᠩ ᠪᠥᠬᠦ ᠤᠯᠤᠰ ᠤᠨ ︽ᠨᠠᠰᠤᠲᠠᠶᠢᠴᠤᠳ ᠢ ᠬᠠᠶᠢᠷᠠᠯᠠᠵᠤ ᠬᠠᠯᠠᠮᠵᠢᠯᠠᠭᠰᠠᠨ ᠵᠢᠱᠢᠶᠡᠴᠢ︾ ᠪᠤᠯᠵᠤ | ᠂ 2022 ᠣᠨ ᠳᠤ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠠᠰᠠᠷᠠᠨ ᠰᠤᠪᠢᠯᠠᠭᠴᠢ︾ | ᠪᠤᠯᠤᠭᠰᠠᠨ ᠪᠦᠭᠡᠳ 2024 ᠣᠨ ᠤ 11 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ | ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ᠤᠨ ᠢᠷᠠᠭᠤ ᠠᠯᠳᠠᠷ ᠢ ᠬᠦᠷᠳᠡᠵᠦ᠂ ᠮᠦᠨ ᠵᠢᠯ ᠤᠨ ᠬᠢᠨᠢ | 11 ᠰᠠᠷ᠎ᠠ ᠳᠤ ︽ᠬᠠᠮᠤᠭ ᠤᠨ ᠭᠤᠶᠣ ᠠᠰᠠᠷᠠᠮᠵᠢ ᠶᠢᠨ ᠬᠦᠷᠢᠶᠡᠯᠡᠩ ᠤᠨ ᠳᠠᠷᠤᠭ᠎ᠠ︾ ᠪᠠᠷ ᠰᠤᠩᠭᠤᠳᠠᠭᠰᠠᠨ | ᠪᠠᠶᠢᠨ᠎ᠠ᠃ |