ᠲᠠᠶᠢᠹᠤᠰᠧ ᠬᠤᠰᠢᠭᠤ 450 ᠪᠤᠳᠠ ᠨᠢᠯᠬ᠎ᠠ ᠮᠤᠳᠤ ᠪᠤᠶᠢᠵᠢᠭᠤᠯᠪᠠ
ᠨᠡᠶᠢᠲᠡᠯᠡᠭᠰᠡᠨ ᠴᠠᠭ᠄
2024/11/27
   2024 ᠤᠨ ᠳᠤ᠂ ᠲᠠᠶᠢᠹᠤᠰᠧ ᠬᠤᠰᠢᠭᠤ ᠨᠢᠯᠬ᠎ᠠ ᠮᠤᠳᠤ ᠪᠤᠶᠢᠵᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ 5 ᠰᠠᠷ᠎ᠠ ᠠᠴᠠ ᠡᠬᠢᠯᠡᠭᠡᠳ ᠣᠳᠣ ᠪᠣᠯᠲᠠᠯ᠎ᠠ 480 ᠲᠦᠮᠡᠨ ᠪᠤᠳᠠ ᠨᠢᠯᠬ᠎ᠠ ᠮᠤᠳᠤ ᠪᠤᠶᠢᠵᠢᠭᠤᠯᠤᠭᠠᠳ᠂ ᠲᠠᠷᠠᠭ᠎ᠠ ᠵᠢᠯ ᠤᠨ ᠮᠤᠳᠤ ᠲᠠᠷᠢᠵᠤ ᠤᠶᠢᠵᠢᠭᠤᠯᠬᠤ ᠠᠵᠢᠯ ᠳᠠᠭᠠᠨ ᠪᠠᠳᠤ ᠰᠠᠭᠤᠷᠢ ᠶᠢ ᠲᠠᠯᠪᠢᠵᠠᠢ᠃ ᠲᠠᠶᠢᠹᠤᠰᠧ ᠬᠤᠰᠢᠭᠤᠨ ᠤ ᠶᠠᠨ ᠫᠧᠩ ᠨᠣᠭᠤᠭᠠᠷᠠᠭᠤᠯᠤᠯᠲᠠ ᠶᠢᠨ ᠺᠣᠮᠫᠠᠨᠢ ᠶᠢᠨ ᠴᠢᠬᠢ ᠮᠣᠳᠣᠨ ᠤ ᠰᠠᠭᠤᠷᠢᠨ ᠭᠠᠵᠠᠷ ᠲᠤ ᠬᠦᠷᠬᠦ ᠳᠤ᠂  ᠰᠢᠨ᠎ᠡ ᠪᠠᠷ ᠲᠠᠷᠢᠭᠰᠠᠨ ᠬᠠᠷᠭᠠᠨ᠎ᠠ᠂ ᠭᠠᠴᠤᠷ᠎ᠠ᠂ ᠵᠢᠭᠠᠷᠲᠤ ᠨᠠᠷᠠᠰᠤ ᠵᠡᠷᠭᠡ ᠨᠢᠯᠬ᠎ᠠ ᠮᠣᠳᠣᠨ ᠤ ᠥᠨᠳᠥᠷ ᠨᠢ ᠨᠢᠭᠡᠨᠲᠡ 20 ᠰᠡᠨᠲ᠋ᠢᠮᠧᠲᠷ ᠣᠶᠢᠷᠠᠳᠴᠤ᠂ ᠲᠠᠷᠠᠭ᠎ᠠ ᠵᠢᠯ ᠤᠨ ᠲᠠᠪᠤᠳᠤᠭᠠᠷ ᠰᠠᠷ᠎ᠠ  ᠳᠤ ᠡᠬᠢᠯᠡᠬᠦ ᠪᠥᠬᠦ ᠬᠤᠰᠢᠭᠤᠨ ᠤ ᠬᠥᠮᠦᠨ ᠤ ᠬᠦᠴᠦ ᠪᠠᠷ ᠮᠤᠳᠤ ᠲᠠᠷᠢᠬᠤ ᠠᠵᠢᠯ ᠳᠤ ᠪᠦᠷᠢᠨ ᠪᠡᠯᠡᠳᠭᠡᠯ ᠬᠠᠩᠭᠠᠭᠰᠠᠨ ᠪᠠᠶᠢᠨ᠎ᠠ᠃ ᠺᠣᠮᠫᠠᠨᠢ ᠶᠢᠨ ᠬᠠᠷᠢᠭᠤᠴᠠᠯᠭᠠᠲᠠᠨ ᠯᠢᠶᠠᠩ ᠱᠣᠣ ᠫᠸᠡᠭ ᠲᠠᠨᠢᠯᠴᠠᠭᠤᠯᠬᠤ ᠳᠠᠭᠠᠨ᠄ ︽ᠡᠨᠡ ᠵᠢᠯ 300 ᠭᠠᠷᠤᠶ ᠲᠦᠮᠡᠨ ᠪᠤᠳᠠ ᠨᠢᠯᠬ᠎ᠠ ᠮᠤᠳᠤ ᠲᠠᠷᠢᠵᠠᠢ᠂ ᠡᠭᠦᠨ ᠠᠴᠠ ᠭᠠᠳᠠᠨ᠎ᠠ ᠪᠠᠰᠠ ᠨᠢᠭᠡ ᠪᠦᠯᠦᠭ ᠮᠥᠩᠭᠦᠨ ᠤᠯᠢᠶᠠᠰᠤ᠂ ᠬᠠᠶᠢᠯᠠᠷ ᠨᠠᠷᠠᠰᠤ ᠪᠣᠯᠤᠨ ᠭᠠᠴᠤᠷ᠎ᠠ ᠲᠠᠷᠢᠭᠠᠳ ᠪᠠᠶᠢᠨ᠎ᠠ᠃ ᠲᠠᠶᠢᠹᠤᠰᠧ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠠᠶᠢᠯᠠᠯᠳᠤᠭᠠᠨ ᠤ ᠬᠥᠮᠦᠨ ᠤ ᠬᠦᠴᠦ ᠪᠠᠷ ᠮᠤᠳᠤ ᠲᠠᠷᠢᠬᠤ ᠲᠥᠷᠥᠯ ᠵᠦᠢᠯ ᠢ 2024 ᠣᠨ ᠠᠴᠠ ᠡᠬᠢᠯᠡᠨ ᠭᠡᠷᠡᠭᠵᠢᠬᠦᠯᠦᠭᠰᠡᠨ᠂ ᠶᠡᠷᠦᠩᠬᠡᠢ ᠪᠡᠯᠡ ᠣᠷᠣᠭᠤᠯᠤᠯᠲᠠ ᠨᠢ 1890 ᠭᠠᠷᠤᠢ ᠲᠦᠮᠡᠨ ᠲᠥᠭᠦᠷᠢᠭ᠂ ᠭᠤᠷᠪᠠᠨ ᠵᠢᠯ ᠬᠤᠪᠢᠶᠠᠨ ᠬᠡᠷᠡᠭᠵᠢᠬᠦᠯᠵᠦ  ᠂ ᠵᠢᠯ ᠪᠦᠷᠢ 1 ᠲᠦᠮᠡᠨ ᠮᠦ ᠮᠤᠳᠤ ᠲᠠᠷᠢᠨ᠎ᠠ︾ ᠬᠡᠯ᠎ᠡ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠦᠭᠵᠢᠬᠦᠯᠬᠦ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠨ᠂ ︽ ᠤᠮᠠᠷᠠᠳᠤ ᠶᠢᠨ ᠭᠤᠷᠪᠠᠨ ᠤᠷᠤᠨ︾ ᠤ ᠢᠨᠵᠧᠨᠧᠷᠢᠩ ᠢ ᠴᠥᠬᠦᠷᠡᠰᠢ ᠦᠭᠡᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号