ᠲᠠᠶᠢᠹᠤᠰᠧ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/27
   ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠠᠶᠢᠹᠤᠰᠧ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 22 ᠤᠨ ᠡᠳᠦᠷ ᠲᠠᠶᠢᠹᠤᠰᠧ ᠬᠤᠰᠢᠭᠤᠨ ᠤ ᠬᠢᠨ 2024 ᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃  ᠡᠨᠡ ᠤᠳᠠᠭᠠᠨ ᠤ ᠰᠤᠨᠢᠨ ᠮᠡᠳᠡᠭᠡ ᠬᠤᠷᠠᠯ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠵᠤᠬᠢᠶᠠᠨ ᠪᠠᠶᠢᠭᠤᠯᠵᠤ ᠬᠤᠷᠠᠯᠳᠤᠭᠤᠯᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠭᠤᠤ ᠶᠠᠨ ᠹᠸᠢ  ᠠᠴᠠ ᠲᠠᠶᠢᠹᠤᠰᠧ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠶᠢᠳᠠᠯ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ᠂  ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠤᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃     — — ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠶᠢᠳᠠᠯ᠃ 10 ᠰᠠᠷ᠎ᠠ ᠶᠢᠨ ᠡᠴᠦᠰ ᠪᠣᠯᠲᠠᠯ᠎ᠠ ᠪᠥᠬᠦ ᠬᠤᠰᠢᠭᠤᠨ ᠤ 19 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠨᠢ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ ᠨᠡᠶᠢᠲᠡ 20.7 ᠳ᠋ᠦᠩᠰᠢᠭᠤᠷ ᠲᠥᠭᠦᠷᠢᠭ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠵᠦ᠂ ᠡᠨᠡ   ᠨᠢ ᠠᠳᠠᠯᠢ ᠬᠤᠭᠤᠴᠠᠭᠠᠨ ᠤ ᠬᠢ ᠠᠴᠠ 3.08 % ᠪᠠᠷ ᠪᠠᠭᠠᠰᠴᠠᠢ᠃ 2024 ᠣᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 1 ᠡᠷᠦᠬᠡ ᠰᠢᠨ᠎ᠡ ᠪᠠᠷ ᠨᠡᠮᠡᠭᠳᠡᠪᠡ᠂  ᠲᠠᠷᠤᠢ ᠥᠪᠥᠷ ᠮᠣᠩᠭᠤᠯ ᠤᠨ ᠵᠢᠩ ᠴᠧᠩ ᠴᠠᠬᠢᠯᠭᠠᠨ ᠳᠡᠭᠡᠰᠦ ᠶᠢᠨ ᠬᠢᠵᠠᠭᠠᠷᠲᠤ ᠺᠣᠮᠫᠠᠨᠢ ᠪᠠᠶᠢᠵᠤ᠂ ᠵᠢᠯ ᠳᠤ  1.3 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠬᠦᠯᠦᠭᠰᠡᠨ ᠪᠠᠶᠢᠨ᠎ᠠ᠃      — — ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ᠃ ᠳᠠᠩ ᠾᠧ ᠰᠢᠨᠵᠢᠯᠡᠭᠡ ᠮᠡᠷᠭᠡᠵᠢᠯ ᠤᠨ ᠺᠤᠮᠫᠠᠨᠢ ᠶᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠢᠶᠠᠷ ᠮᠡᠳᠡᠭᠦᠯᠵᠦ᠂ ᠵᠢᠶᠧ ᠲᠢᠶᠠᠨ ᠰᠢᠶᠠ᠂ ᠮᠧᠩ ᠹᠸᠢ ᠸᠧ ᠲᠦ᠋᠂ ᠬᠤᠩ ᠵᠢᠩ ᠶᠤᠸᠠᠨ ᠵᠡᠷᠭᠡ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠪᠠᠭ᠎ᠠ ᠠᠵᠤ ᠠᠬᠤᠶᠢᠯᠠᠯ ᠢᠶᠠᠷ ᠮᠡᠳᠡᠭᠦᠯᠦᠭᠰᠡᠨ ᠪᠥᠭᠡᠳ ᠪᠦᠬᠦᠨ ᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠠᠯᠪᠠᠨ ᠤ ᠰᠦᠯᠵᠢᠶᠡᠨ ᠳᠡᠭᠡᠷ᠎ᠡ ᠨᠡᠶᠢᠲᠡᠯᠡᠭᠰᠡᠨ ᠪᠠᠶᠢᠨ᠎ᠠ᠃ ᠥᠪᠥᠷ ᠮᠣᠩᠭᠤᠯ ᠤᠨ ᠨᠠᠢ ᠰᠢᠶᠠᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠶᠢ ᠬᠠᠪᠰᠤᠷᠤᠨ ᠲᠦᠭᠦᠬᠡᠶ ᠰᠦ ᠪᠣᠯᠪᠠᠰᠤᠷᠠᠭᠤᠯᠬᠤ ᠳᠤ ᠨᠥᠬᠦᠪᠥᠷᠢ ᠤᠯᠭᠤᠬᠤ ᠲᠥᠷᠥᠯ ᠵᠦᠢᠯ ᠢ ᠨᠠᠶᠢᠳᠠᠪᠤᠷᠢᠵᠢᠭᠤᠯᠵᠤ  21.3 ᠲᠦᠮᠡᠨ ᠲᠥᠭᠦᠷᠢᠭ ᠤᠨ ᠪᠠᠯᠠ ᠮᠥᠩᠭᠦ ᠶᠢ ᠡᠷᠡᠮᠡᠯᠵᠡᠯᠡᠨ ᠵᠦᠪᠰᠢᠶᠡᠷᠡᠬᠦᠯᠵᠡᠢ᠃  ᠡᠬᠦᠨ ᠤ ᠬᠠᠮᠳᠤ᠂ ᠳᠤᠮᠳᠠ ᠵᠢᠵᠢᠭ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠯᠠᠪᠯᠠᠯᠳᠠ᠂ ᠮᠡᠷᠭᠡᠵᠢᠯ ᠤᠨ ᠰᠢᠨ᠎ᠡ ᠶᠢ ᠡᠭᠦᠳᠬᠦ  ᠪᠠ ᠬᠠᠮᠢᠶᠠᠷᠤᠯᠲᠠ ᠶᠢ ᠳᠡᠭᠡᠭᠰᠢᠯᠡᠭᠦᠯᠬᠦ ᠵᠡᠷᠭᠡ ᠣᠯᠠᠨ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠪᠦᠭᠡᠳ ᠳᠤᠮᠳᠠ ᠵᠢᠵᠢᠭ ᠠᠵᠤ ᠠᠬᠤᠶᠢᠯᠠᠯ ᠤᠨ ᠪᠡᠯᠡ  ᠮᠦᠩᠬᠦᠨ ᠤ ᠱᠠᠭᠠᠷᠳᠠᠯᠭ᠎ᠠ ᠬᠡᠷᠡᠭᠴᠡᠭᠡ  ᠶᠢ ᠲᠣᠭᠲᠠᠮᠠᠯ ᠬᠤᠭᠤᠴᠠᠭ᠎ᠠ ᠲᠠᠢ ᠤᠶᠢᠯᠠᠭᠠᠵᠤ᠂ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠷᠤᠨᠳᠤ ᠬᠥᠭᠦᠷᠭᠡ ᠬᠤᠯᠪᠤᠭ᠎ᠠ ᠶᠢ ᠪᠠᠶᠢᠭᠤᠯᠤᠨ ᠥᠭᠴᠦ᠂ ᠠᠵᠤ ᠠᠬᠤᠶᠢᠯᠠᠯ ᠤᠨ ᠪᠡᠯᠡ ᠮᠦᠩᠬᠦᠨ ᠤ ᠬᠦᠴᠢᠷᠳᠡᠯ ᠢ ᠨᠠᠮᠳᠠᠭᠤᠯᠪᠠ᠃      — — ᠮᠡᠳᠡᠭᠡ ᠵᠠᠩᠬᠢᠵᠢᠯᠳᠠ ᠶᠢᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ᠃ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ ᠤᠨ ᠥᠪᠡᠷᠲᠡᠭᠡᠨ ᠪᠠᠶᠢᠴᠠᠭᠠᠬᠤ ᠠᠵᠢᠯ ᠢ ᠠᠮᠵᠢᠯᠲᠠ ᠲᠠᠢ ᠪᠡᠶᠡᠯᠡᠭᠦᠯᠪᠡ᠃ ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠮᠡᠳᠡᠬᠦᠯᠦᠭᠰᠡᠨ ᠪᠦᠭᠡᠳ 9 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠣᠭᠠᠴᠢᠯᠠᠭᠰᠠᠨ ᠦᠨᠡᠯᠡᠨ ᠵᠢᠱᠢᠬᠦ ᠠᠵᠢᠯ ᠢ ᠬᠢᠭᠰᠡᠨ ᠪᠠᠶᠢᠨ᠎ᠠ᠃  ᠡᠬᠦᠨ ᠤ ᠬᠠᠮᠳᠤ᠂ ᠪᠥᠬᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠵᠢᠴᠢ ᠨᠢᠭᠡᠨᠲᠡ ᠳᠡᠩᠰᠡᠯᠡᠨ ᠲᠡᠮᠳᠡᠭᠯᠡᠭᠰᠡᠨ ᠪᠦᠭᠡᠳ ᠬᠡᠪ ᠤᠨ ᠡᠵᠡᠩᠨᠡᠯᠲᠡ ᠬᠢᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠵᠡᠷᠭᠡ ᠳᠤ ᠴᠢᠭᠯᠡᠬᠦᠯᠵᠦ ︽ ᠡᠬᠦᠯᠡᠨ ᠲᠠᠪᠴᠠᠩ ᠳᠤ ᠭᠠᠷᠭᠠᠬᠤ︾ ᠠᠵᠢᠯ ᠢ ᠦᠷᠭᠦᠯᠵᠢᠯᠡᠨ ᠦᠷᠨᠢᠬᠦᠯᠵᠡᠢ᠃     ᠲᠠᠶᠢᠹᠤᠰᠧ ᠬᠤᠰᠢᠭᠤᠨ ᠤ ᠳᠠᠷᠠᠭ᠎ᠠ ᠠᠯᠬᠤᠮ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠄ ᠨᠢᠬᠡ ᠳᠤ᠂ ᠲᠠᠩ ᠾᠧ ᠰᠢᠨᠵᠢᠯᠡᠭᠡ ᠮᠡᠷᠭᠡᠵᠢᠯ ᠤᠨ ᠺᠤᠮᠫᠠᠨᠢ ᠪᠠᠷ ᠭᠤᠣᠯ ᠪᠤᠯᠭᠠᠨ᠂ ᠬᠡᠲᠦ ᠬᠠᠲᠠᠭᠤ ᠮᠠᠲ᠋ᠧᠷᠢᠶᠠᠯ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠤᠨ ᠬᠥᠭᠵᠢᠭᠦᠯᠦᠨ᠎ᠡ᠃ ᠬᠤᠶᠠᠷ ᠲᠤ᠂ ᠲᠣᠰ ᠭᠠᠵᠠᠷ ᠣᠷᠣᠨ ᠤ ᠪᠠᠨ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ︽ᠰᠢᠬᠢᠷ ᠬᠢᠬᠦ᠂ ᠲᠣᠰᠣ ᠰᠢᠬᠠᠬᠤ᠂ ᠠᠷᠢᠬᠢ ᠨᠡᠷᠡᠬᠦ︾ ᠭᠤᠷᠪᠠᠨ ᠶᠡᠭᠡ ᠠᠵᠤ ᠦᠢᠯᠡᠰ ᠢᠶᠠᠷ ᠭᠤᠤᠯ ᠪᠤᠯᠭᠠᠨ᠂ ᠲᠣᠰ ᠭᠠᠵᠠᠷ ᠣᠷᠣᠨ ᠤ   ᠪᠠᠨ ᠨᠡᠷᠡᠲᠦ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠠᠶᠢᠮᠠᠭ᠂ ᠪᠥᠬᠦ ᠣᠷᠣᠨ᠂ ᠪᠥᠬᠦ ᠤᠯᠤᠰ ᠳᠠᠰᠢ ᠬᠦᠭᠵᠢᠬᠦᠯᠬᠦ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠭᠤᠷᠪᠠ ᠳᠤ᠂ ᠤᠨᠴᠠᠯᠢᠬᠳᠤ ᠠᠵᠤ ᠦᠢᠯᠡᠳᠪᠦᠷᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂  ᠠᠯᠮᠠᠰ ᠴᠢᠯᠠᠭᠤ᠂ ᠴᠠᠭᠠᠰᠤᠨ ᠰᠦᠯᠢᠶᠥᠦ ᠪᠦᠲᠦᠭᠡᠭᠳᠡᠬᠦᠨ᠂ ᠡᠶᠡᠷᠬᠦ ᠲᠦᠢᠯ ᠤᠨ ᠮᠠᠲ᠋ᠧᠷᠢᠶᠠᠯ ᠵᠡᠷᠭᠡ ᠠᠵᠤ ᠦᠢᠯᠡᠰ ᠤᠨ ᠲᠠᠯ᠎ᠠ ᠪᠠᠷ᠂ ᠣᠲᠣ ᠶᠢᠨ ᠪᠠᠶᠢᠭ᠎ᠠ ᠲᠥᠷᠥᠯ ᠵᠦᠢᠯ ᠢᠶᠠᠷ ᠰᠠᠭᠤᠷᠢ ᠪᠣᠯᠭᠠᠵᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠨᠠᠩ ᠣᠯᠠᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠢ ᠲᠥᠯᠥᠪᠯᠡᠨ ᠪᠠᠶᠢᠭᠤᠯᠵᠤ᠂  ᠠᠵᠤ ᠦᠢᠯᠡᠰ ᠤᠨ ᠲᠥᠪᠯᠡᠷᠡᠨ ᠪᠥᠭᠡᠮᠨᠡᠷᠡᠵᠦ ᠬᠥᠭᠵᠢᠬᠦ ᠶᠢ ᠠᠬᠢᠭᠤᠯᠤᠨ᠎ᠠ᠃ ᠳᠥᠷᠪᠡ ᠳᠤ᠂ ᠠᠵᠤ ᠦᠢᠯᠡᠰ ᠤᠨ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠢᠳᠡᠪᠬᠢᠲᠡᠢ ᠠᠰᠢᠭᠯᠠᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠥᠨᠳᠥᠷ ᠪᠦᠲᠦᠮᠵᠢᠲᠡᠢ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠦᠨᠡᠯᠡᠨ ᠵᠢᠱᠢᠯᠲᠡ ᠶᠢᠨ ᠠᠵᠢᠯ ᠢ ᠰᠠᠶᠢᠨ ᠬᠢᠵᠦ᠂ ᠠᠵᠤ ᠠᠬᠤᠶᠢᠯᠠᠯ ᠢ ᠬᠠᠪᠰᠤᠷᠤᠨ ︽ᠮᠠᠰᠢᠨ ᠢᠶᠠᠷ ᠬᠥᠮᠦᠨ ᠢ ᠰᠣᠯᠢᠬᠤ︾ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ︽ᠡᠭᠦᠯᠡᠨ ᠲᠠᠪᠴᠠᠩ ᠳᠤ ᠭᠠᠷᠬᠤ︾ ᠠᠵᠢᠯ ᠢ ᠦᠷᠭᠦᠯᠵᠢᠯᠡᠨ ᠥᠷᠨᠢᠭᠦᠯᠦᠨ᠎ᠡ᠃  ᠲᠠᠪᠤ ᠳᠤ᠂ ᠤᠯᠤᠰ ᠣᠷᠣᠨ ᠤ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ︾ ᠵᠢᠴᠢ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠦᠨᠳᠦᠷ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠨ᠎ᠠ᠃ ︽ᠬᠤᠶᠠᠷ ᠥᠨᠳᠥᠷ︾ ᠠᠵᠢᠯ ᠲᠥᠷᠥᠯ ᠤᠨ ᠬᠢᠨ   ᠢ ᠴᠢᠩᠭ᠎ᠠ ᠡᠵᠡᠮᠳᠡᠵᠦ᠂ ᠲᠦᠷᠢᠮ ᠲᠣᠭᠲᠠᠭᠠᠯ ᠤᠨ ᠲᠠᠭᠠᠤ ᠪᠠᠶᠢᠭᠤᠯᠵᠤ ᠪᠠᠶᠢᠭ᠎ᠠ ᠲᠥᠷᠥᠯ ᠵᠦᠢᠯ ᠠᠴᠠ ᠪᠤᠰᠤᠳ  ︽ᠬᠤᠶᠠᠷ ᠥᠨᠳᠥᠷ︾ ᠠᠵᠢᠯ ᠲᠥᠷᠥᠯ ᠤᠨ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠳᠠᠬᠢᠵᠤ ᠰᠢᠨ᠎ᠡ ᠪᠠᠷ ᠨᠡᠮᠡᠭᠳᠡᠭᠦᠯᠬᠦ ᠦᠭᠡᠶ᠃ ᠠᠵᠤ ᠠᠬᠤᠶᠢᠯᠠᠯ ᠢ ᠶᠡᠬᠡᠪᠡᠷ ᠲᠡᠳᠬᠦᠨ ᠵᠣᠷᠢᠭᠵᠢᠭᠤᠯᠵᠤ ᠪᠠᠶᠢᠭᠠᠳ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠭᠡᠷᠡᠭᠵᠢᠬᠦᠯᠵᠦ᠂ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ  ᠠᠵᠤ ᠦᠢᠯᠡᠳᠪᠦᠷᠢ  ᠪᠠᠷ ᠢᠳᠡᠪᠬᠢᠲᠡᠢ  ᠡᠷᠡᠮᠡᠯᠵᠡᠯᠡᠨ ᠮᠡᠳᠡᠭᠦᠯᠦᠨ᠎ᠡ᠃ ᠵᠢᠷᠭᠤᠭ᠎ᠠ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠴᠢᠨᠠᠷ ᠰᠠᠶᠢᠲᠠᠶ ᠳᠤᠮᠳᠠ ᠪᠠᠭ᠎ᠠ ᠠᠵᠤ ᠠᠬᠤᠶᠢᠯᠠᠯ ᠢ  ᠪᠤᠶᠢᠵᠢᠭᠤᠯᠬᠤ ᠬᠠᠮᠢᠶᠠᠷᠤᠯᠳᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ︽ᠲᠤᠰᠬᠠᠶ ᠨᠠᠷᠢᠯᠢᠭ ᠣᠨᠴᠠ ᠰᠢᠨ᠎ᠡ  ︾ ᠳᠤᠮᠳᠠ ᠪᠠᠭ᠎ᠠ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ︽ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠰᠠᠷ᠎ᠠ︾᠂ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠤᠬᠠᠭᠤᠯᠭ᠎ᠠ ᠬᠥᠮᠦᠵᠢᠯ︾ ᠪᠠ ︽ᠠᠵᠤ ᠠᠬᠤᠶᠢᠯᠠᠯ ᠳᠤ ᠣᠷᠣᠭᠤᠯᠬᠤ᠂ ᠲᠥᠷᠥ ᠶᠢᠨ ᠪᠣᠳᠣᠯᠭ᠎ᠠ ᠶᠢ ᠬᠦᠷᠭᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ︾ ᠵᠡᠷᠭᠡ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠦᠩᠬᠦᠨ ᠤ ᠬᠡᠷᠡᠭᠴᠡᠭᠡ᠂  ᠠᠵᠢᠯᠴᠢᠨ ᠡᠯᠰᠡᠬᠦ ᠤᠷᠤᠨ ᠲᠤᠭ᠎ᠠ᠂  ᠡᠷᠡᠮᠡᠯᠵᠡᠯᠡᠨ ᠮᠡᠳᠡᠭᠦᠯᠬᠦ ᠬᠦᠰᠡᠯ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠤᠶᠢᠯᠠᠭᠠᠨ ᠬᠤᠷᠢᠶᠠᠩᠭᠤᠶᠢᠯᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠬᠦ ᠶᠢ ᠪᠠᠲᠤᠯᠠᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号