ᠲᠠᠶᠢᠹᠤᠰᠧ ᠬᠤᠰᠢᠭᠤ ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠨᠠᠷ ᠤᠨ ︽ᠡᠷᠳᠡᠮ ᠮᠦᠷᠦᠶᠢᠴᠡᠵᠦ ᠤᠳᠤᠨ ᠪᠤᠯᠢᠶᠠᠯᠳᠤᠬᠤ︾ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/11/27
   ᠨᠠᠮ ᠤᠨ ᠪᠠᠶᠢᠭᠤᠯᠤᠯᠳᠠ ᠶᠢ ᠠᠳᠬᠤᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠠᠬᠢᠭᠤᠯᠤᠨ᠂  ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠨᠠᠷ ᠤᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠠᠳᠬᠤᠬᠤ ᠬᠠᠷᠢᠭᠤᠴᠠᠯᠭᠠᠳᠤ ᠤᠬᠠᠮᠰᠠᠷ ᠪᠠ  ᠨᠠᠮ ᠤᠨ ᠪᠠᠶᠢᠭᠤᠯᠤᠯᠳᠠ ᠶᠢᠨ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠪᠠᠳᠤ ᠴᠢᠩᠭ᠎ᠠ ︽ᠬᠤᠰᠢᠭᠤᠴᠢ ᠬᠤᠨ︾ ᠤ ᠡᠩᠨᠡᠭᠡ ᠶᠢ ᠪᠠᠶᠢᠭᠤᠯᠬᠤ ᠶᠢᠨ ᠲᠦᠯᠦᠭᠡ᠂  11 ᠰᠠᠷ᠎ᠠ ᠶᠢᠨ 26 ᠤ ᠡᠳᠦᠷ ᠲᠠᠶᠢᠹᠤᠰᠧ ᠬᠤᠰᠢᠭᠤ ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠨᠠᠷ ᠤᠨ  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ︽ᠡᠷᠳᠡᠮ ᠮᠦᠷᠦᠶᠢᠴᠡᠵᠦ ᠤᠳᠤᠨ ᠪᠤᠯᠢᠶᠠᠯᠳᠤᠬᠤ︾ ᠤᠷᠤᠯᠳᠤᠭᠠᠨ ᠡᠷᠬᠢᠯᠡᠵᠡᠢ᠃ ᠡᠨᠡ ᠤᠳᠠᠭᠠᠨ ᠤ ᠤᠷᠤᠯᠳᠤᠭᠠᠨ ᠳᠤ 7 ᠰᠤᠮᠤ ᠰᠢᠶᠠᠩ ᠪᠠᠯᠭᠠᠰᠤᠨ ᠤ 14 ᠭᠠᠴᠠᠭ᠎ᠠ ᠲᠣᠰᠬᠤᠨ ᠤ ᠨᠠᠮ ᠤᠨ ᠡᠬᠦᠷ ᠱᠦᠵᠢ ᠣᠷᠣᠯᠴᠠᠵᠤ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠪᠣᠳᠠᠲᠠᠶ ᠲᠤᠭ᠎ᠠ ᠪᠠᠷᠢᠮᠲᠠ᠂ ᠬᠡᠷᠡᠯ ᠵᠢᠷᠤᠭ᠂ ᠨᠡᠶᠢᠲᠡᠯᠢᠭ ᠵᠢᠱᠢᠶ᠎ᠠ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠵᠤ ᠦᠢᠯᠡᠰ ᠤᠨ ᠬᠥᠭᠵᠢᠯ ᠪᠠᠳᠠᠷᠠᠯ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠠᠴᠠ ᠠᠮᠵᠢᠯᠳᠠ ᠪᠦᠳᠦᠮᠵᠢ ᠠᠷᠭ᠎ᠠ ᠲᠤᠷᠰᠢᠯᠭ᠎ᠠ ᠪᠠᠨ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ︽ᠳᠠᠭᠠᠭᠤᠯᠤᠭᠴᠢ︾ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃    ᠶᠦᠩ ᠹᠧᠩ ᠪᠠᠯᠭᠠᠰᠤᠨ ᠤ ᠱᠦᠶ ᠴᠢᠤᠸᠠᠨ ᠭᠧᠤ ᠲᠣᠰᠬᠤᠨ ᠤ ᠨᠠᠮ ᠤᠨ ᠡᠭᠦᠷ ᠤᠨ ᠱᠦᠵᠢ ᠬᠠᠨ ᠱᠤ᠋ ᠪᠢᠨ᠄ ︽ᠡᠨᠡ ᠤᠳᠠᠭᠠᠨ ᠤ ᠤᠷᠤᠯᠳᠤᠭᠠᠨ ᠢᠶᠠᠷ ᠲᠠᠮᠵᠢᠭᠠᠳ ᠪᠢᠳᠡ ᠠᠮᠵᠢᠯᠲᠠ ᠪᠦᠲᠦᠮᠵᠢ ᠪᠠᠨ ᠠᠳᠠᠯᠢᠳᠬᠠᠵᠤ ᠠᠷᠭ᠎ᠠ ᠲᠤᠷᠰᠢᠯᠭ᠎ᠠ ᠪᠠᠨ ᠰᠤᠯᠢᠯᠴᠠᠭᠰᠠᠨ ᠤ ᠬᠠᠮᠳᠤ᠂ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠣᠯᠵᠤ ᠬᠠᠷᠠᠯ᠎ᠠ᠂ ᠮᠠᠰᠢᠨ ᠶᠡᠭᠡ ᠤᠯᠤᠯᠳᠠ ᠲᠠᠢ᠂  ᠬᠤᠶᠢᠰᠢᠳᠠ ᠶᠢᠨ ᠠᠵᠢᠯ ᠤᠨ ᠳᠤᠮᠳᠠ ᠪᠠᠨ ᠪᠤᠰᠤᠳ ᠭᠠᠴᠠᠭ᠎ᠠ ᠲᠣᠰᠬᠤᠨ ᠤ ᠰᠢᠯᠢᠳᠡᠭ ᠰᠠᠶᠢᠨ ᠠᠷᠭ᠎ᠠ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠲᠣᠰᠬᠤᠨ ᠤ  ᠪᠠᠨ ᠪᠣᠳᠠᠲᠠᠶ ᠲᠠᠢ ᠤᠶᠠᠯᠳᠤᠭᠤᠯᠤᠨ᠂ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠮᠠᠨ ᠤ ᠲᠣᠰᠬᠤᠨ ᠤ ᠬᠥᠭᠵᠢᠯᠲᠡ ᠳᠤ ᠬᠠᠮᠤᠭ ᠠᠴᠠ ᠳᠣᠭᠢᠷᠠᠬᠤ ᠠᠷᠭ᠎ᠠ ᠵᠠᠮ ᠢ ᠬᠠᠶᠢᠬᠤ ᠪᠤᠯᠤᠨ᠎ᠠ᠃ ᠲᠠᠰᠤᠷᠠᠯᠲᠠ ᠦᠭᠡᠢ ᠰᠤᠷᠤᠯᠴᠠᠨ ᠰᠠᠶᠢᠵᠢᠷᠠᠭᠤᠯᠬᠤ ᠪᠠᠷ ᠲᠠᠮᠵᠢᠭᠠᠳ᠂ ᠮᠠᠨ ᠤ ᠲᠣᠰᠬᠤᠨ   ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ ᠨᠡᠩ ᠴᠢᠮᠪᠠᠢ ᠠᠯᠬᠤᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠪᠡᠶᠡᠯᠡᠭᠦᠯᠵᠦ ᠴᠢᠳᠠᠨ᠎ᠠ ᠭᠡᠳᠡᠭ ᠲᠤ ᠢᠳᠡᠭᠡᠯ ᠲᠠᠢ ᠪᠠᠶᠢᠨ᠎ᠠ︾  ᠃      ᠴᠢᠶᠠᠨ ᠶᠢᠨ ᠭᠸᠦ ᠪᠠᠯᠭᠠᠰᠤᠨ ᠤ ᠱᠠᠨ ᠶᠢᠦ ᠲᠣᠰᠬᠤᠨ ᠤ ᠨᠠᠮ ᠤᠨ ᠡᠭᠦᠷ ᠤᠨ ᠱᠦᠵᠢ ᠯᠢᠦ ᠳ᠋ᠦᠩ ᠰᠢᠤᠢ  ᠄ ︽ᠥᠨᠥᠳᠦᠷ ᠤᠨ ᠠᠵᠢᠯᠯᠠᠭ᠎ᠠ ᠪᠣᠯ ᠨᠢᠭᠡ ᠤᠳᠠᠭᠠᠨ ᠤ ᠤᠷᠤᠯᠳᠤᠭᠠᠨ ᠮᠦᠷᠦᠶᠢᠴᠡᠭᠡᠨ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠮᠥᠨ᠂ ᠮᠢᠨᠦ ᠬᠤᠪᠢ ᠳᠤ ᠤᠯᠤᠯᠳᠠ ᠲᠦᠷᠦᠭᠳᠡᠯ ᠢᠶᠠᠷ ᠮᠠᠰᠢ ᠶᠡᠭᠡ ᠪᠠᠶᠢᠭ᠎ᠠ  ᠂ ᠪᠠᠰᠠ ᠲᠣᠰ ᠪᠡᠶ᠎ᠡ ᠶᠢᠨ ᠵᠥᠷᠢᠶ᠎ᠡ ᠲᠤᠳᠠᠭᠳᠠᠯ ᠢᠶᠠᠨ ᠤᠯᠵᠤ ᠲᠠᠨᠢᠵᠠᠢ᠃ ᠪᠤᠰᠤᠳ ᠭᠠᠴᠠᠭ᠎ᠠ ᠲᠣᠰᠬᠤᠨ ᠤ ᠰᠠᠶᠢᠨ ᠠᠷᠭ᠎ᠠ ᠰᠢᠨ᠎ᠡ ᠰᠡᠳᠬᠢᠮᠵᠢ ᠶᠢ ᠰᠤᠷᠤᠯᠴᠠᠵᠤ᠂ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠮᠠᠰᠢ ᠶᠡᠭᠡ ᠬᠠᠪᠰᠤᠷᠤᠯᠭ᠎ᠠ ᠦᠵᠡᠭᠦᠯᠪᠡ᠃ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ ᠪᠢ ᠪᠡᠶ᠎ᠡ ᠪᠠᠷ ᠢᠶᠠᠨ ᠬᠡᠪ ᠲᠠᠭᠤᠷᠢᠶᠠᠯ ᠪᠤᠯᠵᠤ᠂  ᠮᠡᠳᠡᠯᠬᠡ ᠴᠢᠳᠠᠪᠤᠷᠢ ᠪᠠᠨ ᠲᠡᠭᠡᠭᠰᠢᠯᠡᠬᠦᠯᠦᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠷᠭᠡᠵᠢᠯᠲᠡᠨ ᠪᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ᠲᠠᠭᠠᠭᠤᠯᠤᠭᠴᠢ ᠪᠣᠯᠬᠤ ᠪᠠᠷ ᠴᠢᠷᠮᠠᠶᠢᠨ᠎ᠠ︾᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠭᠠᠳ᠂ ᠨᠢᠭᠡᠳᠦᠭᠡᠷ ᠨᠡᠷ᠎ᠡ 1᠂ ᠬᠤᠶᠠᠳᠤᠭᠠᠷ ᠨᠡᠷ᠎ᠡ 2᠂ ᠭᠤᠷᠪᠠᠳᠤᠭᠠᠷ ᠨᠡᠷ᠎ᠡ 3 ᠶᠢ ᠰᠢᠯᠭᠠᠷᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠶ ᡁᠢ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠰᠦᠨ ᠶᠠᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠶᠢᠨ ᠶᠦᠩ ᠾᠧ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ᠂  ᠳᠡᠳ᠋  ᠬᠤᠰᠢᠭᠤ ᠳᠠᠷᠤᠭ᠎ᠠ ᠯᠢ ᠵᠠᠨ ᠪᠦᠦ᠂ ᠰᠢᠭᠦᠬᠦ  ᠬᠤᠷᠢᠶᠠᠨ ᠤ ᠳᠠᠷᠤᠭ᠎ᠠ ᠺᠠᠩ ᠵᠢᠶᠠᠨ ᠵᠢᠶᠦ᠋ᠨ ᠠᠬᠤᠢ ᠲᠠᠯᠠᠪᠠᠢ ᠶᠢᠨ ᠤᠷᠤᠯᠳᠤᠭᠠᠨ ᠢ ᠰᠤᠨᠢᠷᠬᠠᠭᠰᠠᠨ ᠪᠦᠭᠡᠳ ᠦᠨᠡᠮᠯᠡᠯ ᠱᠠᠩᠨᠠᠯ ᠢ ᠭᠠᠷᠳᠠᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号