ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠵᠢᠴᠢ ︽ᠤᠰᠤ ᠪᠠᠷ ᠲᠦᠷᠪᠡ ᠶᠢ | ᠲᠣᠭᠲᠠᠭᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ | ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠬᠤᠷᠢᠭᠯᠠᠨ ᠠᠮᠤ ᠪᠤᠳᠠᠭᠠᠨ ᠤ ᠦᠢᠯᠡᠳᠪᠦᠷᠢᠯᠡᠯ ᠢ | ᠲᠣᠭᠲᠠᠭᠤᠨ ᠪᠠᠶᠢᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾ | ᠢ ᠦᠨᠳᠰᠦᠯᠡᠵᠦ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠨ ᠮᠡᠳᠡᠭᠳᠡᠰᠦᠬᠡᠢ᠄ | 1. ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠷᠢᠶᠠᠨ | ᠭᠠᠵᠠᠷ ᠤᠨ ᠬᠠᠮᠠᠭᠠᠯᠠᠯᠳᠠ ᠶᠢ ᠴᠢᠩᠭᠠᠳᠬᠠᠬᠤ ᠪᠠ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ | ᠴᠠᠭᠠᠵᠠᠯᠠᠬᠤ ᠲᠤᠬᠠᠶ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ︾ ᠤᠨ | ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠡᠯ᠎ᠡ ᠰᠤᠮᠤ ᠰᠢᠶᠠᠩ ᠪᠠᠯᠭᠠᠰᠤ᠂ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠡᠬᠦᠷᠭᠡ ᠬᠠᠷᠢᠭᠤᠴᠠᠯᠭ᠎ᠠ ᠪᠠᠨ ᠴᠢᠩᠭ᠎ᠠ ᠨᠢᠮᠪᠠᠢ ᠬᠦᠢᠴᠡᠳᠭᠡᠨ | ᠤᠰᠤᠯᠠᠯᠲᠠ ᠶᠢᠨ ᠲᠠᠷᠢᠶᠠᠨ ᠳᠤ ᠨᠡᠷᠡᠨ ᠬᠤᠸᠠᠷ ᠳᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠭᠦᠨ ᠤ ᠬᠠᠮᠲᠤ | ᠡᠯ᠎ᠡ ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠬᠠᠪᠰᠤᠷᠤᠨ ᠢᠷᠡᠬᠦ ᠵᠢᠯ ᠤᠨ | ᠲᠠᠷᠢᠶᠠᠯᠠᠭ᠎ᠠ ᠶᠢᠨ ᠪᠠᠶᠢᠳᠠᠯ ᠢ ᠪᠦᠷᠢᠳᠭᠡᠨ ᠣᠶᠢᠯᠠᠭᠠᠬᠤ ᠠᠵᠢᠯ ᠢ ᠲᠦᠷᠭᠡᠬᠡᠨ ᠥᠷᠨᠢᠭᠦᠯᠵᠦ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠨᠢ ᠲᠠᠷᠢᠬᠤ ᠡᠷᠦᠬᠡ ᠲᠠᠢ ᠨᠡᠷᠡᠨ ᠬᠤᠸᠠᠷ ᠲᠠᠷᠢᠬᠤ ᠶᠢ ᠴᠠᠭᠠᠵᠠᠯᠠᠬᠤ | ᠠᠮᠠᠯᠠᠯᠲᠠ ᠶᠢᠨ ᠭᠡᠷ᠎ᠡ ᠲᠣᠭᠲᠠᠵᠤ᠂ ᠬᠡᠮᠵᠢᠶ᠎ᠡ ᠬᠢᠵᠠᠭᠠᠷ ᠲᠠᠢ ᠲᠠᠷᠢᠶᠠᠨ ᠭᠠᠵᠠᠷ ᠢ ᠡᠩ ᠲᠡᠷᠢᠭᠦᠨ ᠳᠤ ᠠᠮᠤ | ᠪᠤᠳᠠᠭᠠᠨ ᠤ ᠲᠠᠷᠢᠮᠠᠯ ᠲᠠᠷᠢᠬᠤ ᠳᠤ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | 2. ᠤᠰᠤᠨ ᠤ ᠰᠦᠢᠳᠬᠡᠯ ᠢ ᠤᠷᠢᠳᠴᠢᠯᠠᠨ ᠲᠤᠰᠢᠶᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠰᠦᠢᠳᠬᠡᠯ ᠢ | ᠤᠷᠢᠳᠴᠢᠯᠠᠨ ᠲᠤᠰᠢᠶᠠᠬᠤ ᠠᠯᠪᠠᠨ ᠵᠠᠷᠯᠠᠯ︾ ᠤᠨ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠡᠯ᠎ᠡ | ᠰᠤᠮᠤ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠰᠤᠨ ᠤ ᠰᠦᠢᠳᠬᠡᠯ ᠤᠷᠢᠳᠴᠢᠯᠠᠨ | ᠲᠤᠰᠢᠶᠠᠬᠤ ᠠᠵᠢᠯ ᠢ ᠡᠷᠳᠡ ᠠᠴᠠ ᠰᠠᠶᠢᠨ ᠬᠢᠬᠦ ᠬᠡᠷᠡᠭᠲᠡᠢ᠃ ᠭᠠᠵᠠᠷ ᠰᠢᠷᠣᠶ ᠶᠢ ᠲᠦᠷᠢᠶᠡᠰᠦᠯᠡᠨ ᠲᠠᠭᠠᠭᠠᠴᠢᠯᠠᠵᠤ | ᠪᠠᠶᠢᠭ᠎ᠠ ᠲᠠᠷᠢᠮᠠᠯ ᠤᠨ ᠡᠷᠦᠬᠡ ᠪᠣᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢᠶᠠᠷ ᠵᠥᠪᠰᠢᠶᠡᠷᠡᠭᠦᠯᠦᠭᠰᠡᠨ ᠤ | ᠳᠠᠷᠠᠭ᠎ᠠ᠂ ᠡᠷᠬᠡᠪᠰᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ ᠲᠠᠪᠴᠠᠩ ᠳᠤ ᠲᠠᠩᠰᠠᠯᠠᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠲᠠᠷᠢᠶᠠᠯᠠᠩ ᠳᠤ | ᠬᠡᠷᠡᠭᠯᠡᠬᠦ ᠤᠰᠤᠨ ᠤ ᠰᠦᠢᠳᠬᠡᠯ ᠢ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠵᠠᠷᠤᠳᠠᠯ ᠲᠠᠢ ᠬᠠᠮᠲᠤ ᠳᠤᠨᠢ | ᠤᠷᠢᠳᠴᠢᠯᠠᠨ ᠬᠤᠷᠢᠶᠠᠨ᠎ᠠ᠃ ᠭᠠᠵᠠᠷ ᠰᠢᠷᠤᠢ ᠪᠠᠨ ᠨᠢᠭᠡᠨᠳᠡ ᠰᠢᠯᠵᠢᠬᠦᠯᠦᠭᠰᠡᠨ ᠲᠠᠷᠢᠮᠠᠯ ᠤᠨ ᠡᠷᠦᠬᠡ ᠨᠢ | ᠦᠷᠬᠦᠯᠵᠢᠯᠡᠨ ᠤᠷᠢᠳᠴᠢᠯᠠᠨ ᠲᠤᠰᠢᠶᠠᠬᠤ ᠱᠠᠭᠠᠷᠳᠠᠯᠭ᠎ᠠ ᠶᠤᠰᠤᠭᠠᠷ᠂ ᠲᠠᠷᠢᠶᠠᠯᠠᠩ ᠳᠤ ᠬᠡᠷᠡᠭᠯᠡᠬᠦ ᠤᠰᠤᠨ ᠤ | ᠰᠦᠢᠳᠬᠡᠯ ᠢ ᠵᠢᠯ ᠤᠨ ᠡᠬᠢᠨ ᠳᠤ ᠤᠷᠢᠳᠴᠢᠯᠠᠨ ᠬᠤᠷᠢᠶᠠᠨ᠎ᠠ᠃ ᠤᠰᠤ ᠬᠡᠷᠡᠭᠯᠡᠬᠦ ᠬᠤᠭᠤᠴᠠᠭ᠎ᠠ ᠳᠠᠭᠤᠰᠤᠭᠰᠠᠨ ᠤ | ᠳᠠᠷᠠᠭ᠎ᠠ᠂ ᠢᠯᠡᠭᠦᠦ ᠶᠢ ᠨᠢ ᠪᠤᠴᠠᠭᠠᠨ ᠦᠭᠴᠦ ᠳᠤᠲᠠᠭᠤ ᠶᠢ ᠨᠢ ᠨᠦᠬᠦᠵᠦ ᠬᠤᠷᠢᠶᠠᠬᠤ ᠵᠠᠷᠴᠢᠮ ᠶᠣᠰᠣᠭᠠᠷ᠂ | ᠤᠰᠤ ᠬᠡᠷᠡᠭᠯᠡᠭᠰᠡᠨ ᠪᠤᠳᠠᠳᠠᠢ ᠬᠡᠮᠵᠢᠶ᠎ᠡ ᠶᠢ ᠨᠢ ᠦᠨᠳᠦᠰᠦᠯᠡᠵᠦ ᠲᠤᠰ ᠵᠢᠯ ᠤᠨ ᠤᠰᠤᠨ ᠤ ᠰᠦᠢᠳᠬᠡᠯ ᠢ ᠳ᠋ᠦᠩᠨᠡᠨ | ᠪᠤᠳᠤᠨ᠎ᠠ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ ᠨᠢ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠲᠤ ᠬᠠᠮᠵᠢᠯᠴᠠᠵᠤ ᠂ 2024 ᠣᠨ ᠤ ᠦᠷᠢᠳᠦᠵᠦ ᠪᠠᠶᠢᠭ᠎ᠠ ᠤᠰᠤᠨ ᠤ ᠰᠦᠢᠳᠬᠡᠯ ᠢ ᠲᠠᠷᠤᠢ ᠲᠦᠷᠭᠡᠨ | ᠪᠦᠷᠢᠳᠬᠡᠨ ᠬᠤᠷᠢᠶᠠᠩᠭᠤᠶᠢᠯᠠᠵᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠬᠦᠢᠴᠡᠳᠭᠡᠯᠬᠡᠬᠦ | ᠭᠡᠷᠡᠭᠳᠡᠢ᠃ | 3. ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ | ᠬᠠᠤᠯᠢ ᠪᠤᠰᠤ ᠪᠠᠷ ᠬᠤᠳᠳᠤᠭ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠯ᠎ᠡ ᠰᠤᠮᠤ ᠰᠢᠶᠠᠩ | ᠪᠠᠯᠭᠠᠰᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ | ᠬᠢᠨᠠᠯᠲᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠬᠤᠳᠳᠤᠭ | ᠮᠠᠯᠲᠠᠬᠤ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ | ᠬᠤᠳᠳᠤᠭ ᠮᠠᠯᠲᠠᠬᠤ ᠮᠠᠰᠢᠨ ᠲᠥᠬᠦᠭᠡᠷᠦᠮᠵᠢ ᠶᠢ ᠬᠤᠷᠢᠶᠠᠨ ᠠᠪᠬᠤ ᠶᠢᠨ ᠬᠠᠮᠲᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ | ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ ᠴᠢᠩᠭ᠎ᠠ ᠰᠢᠳᠬᠡᠵᠦ᠂ | ᠭᠡᠷᠪᠡ ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠤ ᠬᠠᠮᠲᠤ᠂ ᠬᠠᠤᠯᠢ ᠪᠤᠰᠤ ᠪᠠᠷ ᠬᠤᠳᠳᠤᠭ ᠮᠠᠯᠳᠠᠭᠰᠠᠨ ᠪᠠᠷᠢᠯᠭ᠎ᠠ ᠶᠢᠨ | ᠲᠠᠯ᠎ᠠ ᠶᠢᠨ ᠬᠢᠨ ᠬᠤᠳᠳᠤᠭ ᠤᠨ ᠨᠦᠬᠡ ᠶᠢ ᠪᠦᠭᠯᠡᠨ ᠰᠡᠷᠬᠦᠬᠡᠵᠦ᠂ ᠡᠭᠦᠨ ᠠᠴᠠ ᠪᠣᠯᠤᠭᠰᠠᠨ ᠬᠤᠬᠢᠷᠠᠯ ᠰᠦᠢᠳᠦᠯ ᠢ | ᠪᠦᠷ ᠪᠠᠷᠢᠯᠭ᠎ᠠ ᠶᠢᠨ ᠲᠠᠯ᠎ᠠ ᠶᠢᠨ ᠬᠢᠨ ᠥᠪᠡᠷ ᠢᠶᠠᠨ ᠡᠭᠦᠷᠭᠡᠯᠡᠨ᠎ᠡ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ | ᠳᠤᠷ᠎ᠠ ᠪᠠᠷ ᠢᠶᠠᠨ ᠬᠤᠳᠳᠤᠭ ᠮᠠᠯᠳᠠᠬᠤ ᠶᠢ ᠣᠯᠵᠤ ᠮᠡᠳᠡᠭᠡᠳ ᠰᠤᠮᠤ ᠰᠢᠶᠠᠩ ᠪᠠᠯᠭᠠᠰᠤ᠂ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠭᠰᠡᠨ ᠦᠭᠡᠶ ᠪᠣᠯ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠤᠨ ᠭᠤᠤᠯ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | 4. ᠠᠮᠢ ᠠᠬᠤᠢ ᠶᠢᠨ ᠲᠥᠷᠥᠯ ᠵᠦᠢᠯ ᠤᠨ ᠣᠷᠣᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠢᠮ ᠲᠣᠭᠲᠠᠭᠠᠯ ᠵᠦᠷᠢᠴᠡᠵᠦ ᠠᠮᠢ ᠠᠬᠤᠢ ᠶᠢ ᠡᠪᠳᠡᠭᠰᠡᠨ ᠪᠠ ᠠᠮᠢ ᠠᠬᠤᠢ ᠶᠢᠨ | ᠵᠠᠰᠠᠯᠲᠠ ᠶᠢ ᠬᠠᠷᠰᠢᠯᠠᠭᠰᠠᠨ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠲᠠᠶᠢᠹᠤᠰᠧ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ︾ ︽ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ | ᠭᠠᠵᠠᠷ ᠢ ᠵᠠᠰᠠᠬᠤ ᠲᠥᠷᠥᠯ ᠵᠦᠢᠯ ᠤᠨ ᠣᠷᠣᠨ ᠪᠠ ᠲᠥᠪ ᠤᠨ ᠡᠳ᠋ ᠤᠨ ᠵᠠᠰᠠᠭ ᠤᠨ ᠤᠯᠤᠰ ᠤᠨ ᠭᠠᠵᠠᠷ | ᠰᠢᠷᠣᠢ ᠶᠢᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠣᠷᠣᠨ ᠳᠤ ᠪᠡᠯᠴᠢᠭᠡᠷᠯᠡᠭᠦᠯᠬᠦ ᠶᠢ | ᠴᠠᠭᠠᠵᠠᠯᠠᠬᠤ ᠲᠤᠬᠠᠢ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ︾ ᠤᠨ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠢ ᠶᠢᠨ ᠲᠥᠷᠥᠯ | ᠵᠦᠢᠯ ᠤᠨ ᠣᠷᠣᠨ ᠳᠤ ᠬᠤᠯᠠᠭᠠᠢ ᠪᠠᠷ ᠪᠡᠯᠴᠢᠭᠡᠷᠯᠡᠬᠦᠯᠬᠦ ᠪᠠ ᠲᠤᠤᠷ ᠬᠦᠷᠢᠶ᠎ᠡ᠂ ᠲᠡᠮᠳᠡᠭ ᠫᠠᠶᠢᠰᠠ᠂ ᠪᠠᠭᠠᠨ᠎ᠠ ᠱᠤᠩ | ᠵᠡᠷᠭᠡ ᠲᠥᠬᠦᠭᠡᠷᠦᠮᠵᠢ ᠶᠢ ᠡᠪᠳᠡᠵᠦ ᠰᠦᠢᠳᠭᠡᠭᠰᠡᠨ ᠪᠤᠯ ᠬᠠᠤᠯᠢ ᠶᠣᠰᠣᠭᠠᠷ ᠴᠢᠩᠭ᠎ᠠ ᠰᠢᠳᠬᠡᠵᠦ᠂ ᠭᠡᠷᠪᠡ ᠶᠠᠯᠠᠳᠤ | ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 11 ᠰᠠᠷ᠎ᠠ ᠶᠢᠨ 23 ᠤ ᠡᠳᠦᠷ |