ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ | ᠬᠥᠮᠦᠵᠢᠯ ᠢ ᠤᠯᠠᠮ ᠨᠢᠬᠡ ᠠᠯᠬᠤᠮ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ᠂ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ | ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠦᠷᠢᠮ ᠵᠢᠴᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠦᠨᠳᠦᠰᠦᠨ ᠱᠠᠲᠤᠨ ᠤ ᠣᠯᠠᠨ ᠲᠦᠮᠡᠨ ᠤ ᠤᠶᠢᠯᠠᠭᠠᠵᠤ | ᠮᠡᠳᠡᠬᠦ ᠨᠤᠷᠮ᠎ᠠ ᠶᠢ ᠲᠡᠭᠡᠭᠰᠢᠯᠡᠬᠦᠯᠬᠦ ᠶᠢᠨ ᠲᠤᠰᠠᠳᠠ᠂ 11 ᠰᠠᠷ᠎ᠠ ᠶᠢᠨ 25 ᠤ ᠡᠳᠦᠷ ᠲᠠᠶᠢᠹᠤᠰᠧ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠳᠤ | ᠬᠦᠷᠴᠦ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠥᠳᠡᠭᠡ ᠲᠣᠰᠬᠤᠨ ᠳᠤ ᠬᠦᠷᠭᠡᠬᠦ︾ ᠤᠬᠠᠭᠤᠯᠭ᠎ᠠ | ᠬᠦᠮᠦᠵᠢᠯ ᠤᠨ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠬᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠲᠠᠩ ᠵᠧ ᠯᠢᠩ | ᠠᠴᠠ ᠣᠯᠠᠨ ᠲᠦᠮᠡᠨ ᠤ ᠰᠣᠨᠣᠰᠴᠤ ᠣᠶᠢᠯᠠᠭᠠᠬᠤ ᠠᠮᠢᠳᠤᠯᠢᠭ ᠠᠷᠭ᠎ᠠ ᠪᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ | ᠲᠦᠷᠢᠮ ᠵᠡᠷᠭᠡ ᠶᠢ ᠣᠯᠠᠨ ᠲᠦᠮᠡᠨ ᠳᠤ ᠲᠠᠶᠢᠯᠪᠤᠷᠢᠯᠠᠵᠤ᠂ ︽ᠵᠢᠷᠭᠤᠭᠠᠨ ᠦᠬᠦᠯᠡᠪᠦᠷᠢ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠢ ᠲᠣᠳᠣᠷᠬᠠᠶ ᠶᠠᠷᠢᠵᠤ᠂ ︽ᠭᠤᠷᠪᠠᠨ ᠰᠠᠯᠵᠤ ᠴᠢᠳᠠᠬᠤ ᠥᠬᠡᠶ︾ ︽ᠳᠥᠷᠪᠡ ᠶᠢ | ᠬᠠᠮᠳᠤᠳᠬᠠᠬᠤ︾ ︽ᠲᠠᠪᠤ ᠶᠢ ᠮᠡᠳᠡᠷᠡᠬᠦ︾ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃ ᠠᠵᠢᠯᠯᠠᠭᠠᠨ ᠤ | ᠲᠤᠮᠳᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠵᠢᠯᠳᠠᠳ ᠠᠴᠠ ᠡᠯ᠎ᠡ ᠦᠨᠳᠦᠰᠦᠲᠡᠨ ᠤ ᠣᠯᠠᠨ | ᠲᠦᠮᠡᠨ ᠳᠤ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠮᠡᠳᠡᠯᠭᠡ ᠶᠢᠨ ᠭᠠᠷ ᠠᠪᠤᠯᠭ᠎ᠠ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠦᠪᠡᠷᠳᠡᠭᠡᠨ | ᠵᠠᠰᠠᠬᠤ ᠤᠷᠤᠨ ᠢ ᠪᠦᠬᠦ ᠲᠠᠯᠠᠪᠠᠷ ᠪᠠᠶᠢᠭᠤᠯᠬᠤ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠵᠢᠴᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠮᠠᠲ᠋ᠧᠷᠢᠶᠠᠯ ᠢ | 100 ᠭᠠᠷᠤᠶ ᠬᠤᠪᠢ ᠲᠠᠷᠬᠠᠭᠠᠭᠰᠠᠨ ᠪᠠᠶᠢᠨ᠎ᠠ᠃ |